ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠵᠢᠯ ᠡᠬᠢᠯᠡᠭᠰᠡᠨ ᠠᠴᠠ ᠨᠠᠭᠠᠰᠢ ᠪᠥᠬᠦ ᠣᠷᠣᠨ ᠨᠡᠶᠢᠲᠡ 2166.97 ᠲᠦᠮᠡᠨ ᠮᠦ ᠪᠡᠯᠴᠢᠭᠡᠷ ᠤᠨ ᠬᠤᠷᠣᠬᠠᠢ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠵᠦ᠂ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠢ ᠶᠢᠨ | ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠲᠠᠯᠪᠢᠪᠠ᠃ | ᠪᠡᠯᠴᠢᠭᠡᠷ ᠤᠨ ᠬᠥᠨᠥᠭᠡᠯᠳᠦ ᠬᠤᠷᠣᠬᠠᠢ ᠶᠢᠨ ᠲᠥᠷᠥᠯ ᠨᠢ ᠣᠯᠠᠨ᠂ ᠲᠠᠷᠬᠠᠯᠲᠠ ᠨᠢ ᠥᠷᠭᠡᠨ᠂ ᠦᠷᠡᠵᠢᠯᠲᠡ ᠨᠢ | ᠲᠦᠷᠭᠡᠨ᠂ ᠲᠤᠭ᠎ᠠ ᠨᠢ ᠶᠡᠭᠡ ᠵᠡᠷᠭᠡ ᠣᠨᠴᠠᠯᠢᠭ ᠲᠠᠢ ᠪᠠᠶᠢᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ | ᠲᠣᠭᠤᠷᠢᠨ ᠢ ᠰᠢᠭᠤᠳ ᠡᠪᠳᠡᠬᠦ ᠪᠠᠷ ᠪᠠᠷᠠᠬᠤ ᠦᠭᠡᠢ᠂ ᠪᠠᠰᠠ ᠡᠪᠡᠰᠦᠨ ᠤ ᠡᠪᠡᠳᠴᠢᠨ ᠢ ᠲᠠᠷᠬᠠᠭᠠᠬᠤ ᠵᠠᠭᠤᠴᠢ | ᠪᠣᠯᠳᠠᠭ᠃ ᠬᠤᠷᠣᠬᠠᠢ ᠠᠴᠠ ᠪᠡᠯᠴᠢᠭᠡᠷ ᠲᠤ ᠤᠴᠠᠷᠠᠭᠤᠯᠬᠤ ᠬᠥᠨᠥᠭᠡᠯ ᠢ ᠪᠠᠭᠠᠰᠬᠠᠬᠤ ᠪᠠ ᠬᠢᠵᠠᠭᠠᠷᠯᠠᠬᠤ ᠶᠢᠨ | ᠲᠥᠯᠥᠭᠡ᠂ 9 ᠳ᠋ᠦ᠋ᠭᠡᠷ ᠰᠠᠷ᠎ᠠ ᠶᠢᠨ 11 ᠤ ᠡᠳᠦᠷ ᠪᠣᠯᠲᠠᠯ᠎ᠠ᠂ ᠪᠥᠬᠦ ᠣᠷᠣᠨ ᠳᠤ ᠨᠡᠶᠢᠲᠡ ᠬᠥᠳᠡᠯᠮᠦᠷᠢ ᠬᠦᠴᠦ | 18964 ᠬᠥᠮᠥᠨ ︵ᠤᠳᠠᠭ᠎ᠠ︶᠂ ᠮᠡᠷᠭᠡᠵᠢᠯᠲᠡᠨ 4974 ᠬᠥᠮᠥᠨ ︵ᠤᠳᠠᠭ᠎ᠠ︶᠂ ᠲᠣᠰᠬᠤᠨ ᠤ ᠱᠠᠲᠤᠨ ᠤ | ᠤᠷᠭᠤᠮᠠᠯ ᠤᠨ ᠬᠠᠮᠠᠭᠠᠯᠠᠭᠴᠢ 357 ᠬᠥᠮᠥᠨ ︵ᠤᠳᠠᠭ᠎ᠠ︶᠂ ᠲᠠᠷᠢᠶᠠᠨ ᠤ ᠡᠮ 711.84 ᠲᠣᠨ ᠬᠡᠷᠡᠭᠯᠡᠵᠦ᠂ | 3023 ᠨᠢᠰᠬᠡᠯ᠂ 6146 ᠲᠣᠮᠣ ᠬᠡᠯᠪᠡᠷᠢ ᠶᠢᠨ ᠰᠦᠷᠴᠢᠭᠦᠷ᠂ 2875 ᠳᠤᠮᠳᠠ ᠵᠢᠵᠢᠭ ᠬᠡᠯᠪᠡᠷᠢ ᠶᠢᠨ | ᠰᠦᠷᠴᠢᠭᠦᠷ᠂ 5796 ᠲᠡᠷᠭᠡ ᠶᠢ ᠬᠥᠳᠡᠯᠭᠡᠨ ᠬᠡᠷᠡᠭᠯᠡᠵᠦ᠂ ᠰᠡᠷᠭᠡᠶᠢᠯᠡᠨ ᠵᠠᠰᠠᠬᠤ ᠠᠵᠢᠯ ᠢ ᠠᠮᠵᠢᠯᠲᠠ ᠲᠠᠢ | ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠪᠡᠯᠴᠢᠭᠡᠷ ᠤᠨ ᠡᠪᠡᠳᠴᠢᠨ ᠪᠠ ᠬᠤᠷᠣᠬᠠᠢ ᠶᠢᠨ | ᠬᠥᠨᠥᠭᠡᠯ ᠢ ᠬᠢᠨᠠᠬᠤ ᠪᠠᠨ ᠤᠯᠠᠮ ᠴᠢᠩᠭᠠᠳᠬᠠᠵᠤ᠂ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠨᠤᠲᠤᠭ | ᠪᠡᠯᠴᠢᠭᠡᠷ ᠤᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠨ᠎ᠠ᠃ | |