ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠰᠢ ᠱᠠᠨ ᠸᠠᠨ | ᠤᠰᠤᠨ ᠴᠥᠭᠦᠷᠥᠮ᠂ ᠳ᠋ᠠ ᠱᠢ ᠮᠧᠨ ᠤᠰᠤᠨ ᠴᠥᠭᠦᠷᠥᠮ᠂ ᠳ᠋ᠠ ᠬᠤ᠋ ᠱᠢ ᠤᠰᠤᠨ ᠴᠥᠭᠦᠷᠥᠮ᠂ ᠬᠠᠶᠢᠯᠠᠰᠤ | ᠤᠰᠤᠨ ᠠᠰᠢᠭᠯᠠᠯᠲᠠ ᠶᠢᠨ ᠬᠦᠢᠰᠦ᠂ ᠳᠡᠷᠡᠰᠦ ᠪᠣᠯᠤᠩ ᠤᠰᠤᠨ ᠴᠥᠭᠦᠷᠥᠮ ᠵᠡᠷᠭᠡ 9 ᠤᠰᠤᠨ ᠠᠰᠢᠭᠯᠠᠯᠲᠠ | ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠲᠣᠭᠲᠠᠭᠠᠬᠤ ᠪᠠ | ᠪᠠᠲᠤᠯᠠᠬᠤ ᠬᠡᠷᠡᠭᠵᠢᠭᠦᠯᠬᠦ ᠲᠥᠰᠥᠯ ᠢ ᠬᠢᠨᠠᠨ ᠵᠥᠪᠰᠢᠶᠡᠷᠡᠵᠦ᠂ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ | ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠤᠷᠢᠳᠴᠢᠯᠠᠨ | ᠬᠡᠷᠡᠭᠵᠢᠭᠦᠯᠵᠦ ᠤᠷᠢᠳᠴᠢᠯᠠᠨ ᠲᠤᠷᠰᠢᠬᠤ ᠠᠵᠢᠯ ᠢ ᠵᠢᠩᠬᠢᠨᠢ ᠪᠠᠷ ᠡᠬᠢᠯᠡᠭᠦᠯᠪᠡ᠃ | ᠣᠶᠢᠯᠠᠭᠠᠭᠰᠠᠨ ᠢᠶᠠᠷ᠂ ᠲᠣᠰ ᠠᠵᠢᠯ ᠢ ᠥᠷᠨᠢᠭᠦᠯᠵᠦ ᠨᠡᠶᠢᠲᠡᠯᠢᠭ ᠭᠤᠣᠯ ᠮᠥᠷᠡᠨ ᠤ ᠨᠢᠭᠡᠨᠲᠡ ᠪᠠᠶᠢᠭᠤᠯᠤᠭᠰᠠᠨ | ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ | ᠬᠢᠨᠠᠨ ᠲᠣᠭᠲᠠᠭᠠᠬᠤ ᠪᠠ ᠪᠠᠲᠤᠯᠠᠬᠤ ᠠᠵᠢᠯ ᠤᠨ ᠬᠡᠯᠪᠡᠷᠢ᠂ ᠮᠡᠷᠭᠡᠵᠢᠯ ᠤᠨ ᠠᠷᠭ᠎ᠠ᠂ ᠵᠣᠬᠢᠴᠠᠭᠤᠯᠬᠤ ᠲᠣᠭᠲᠠᠴᠠ ᠪᠠ | ᠬᠢᠨᠠᠨ ᠬᠠᠮᠢᠶᠠᠷᠬᠤ ᠲᠥᠷᠥ ᠶᠢᠨ ᠪᠣᠳᠣᠯᠭ᠎ᠠ ᠵᠡᠷᠭᠡ ᠶᠢ ᠬᠠᠶᠢᠨ ᠰᠦᠪᠡᠭᠴᠢᠯᠡᠬᠦ ᠪᠠᠷ ᠳᠠᠮᠵᠢᠭᠤᠯᠤᠨ᠂ ᠳᠡᠯᠭᠡᠷᠡᠭᠦᠯᠦᠨ | ᠬᠡᠷᠡᠭᠯᠡᠵᠦ ᠪᠣᠯᠬᠤ ᠠᠵᠢᠯ ᠤᠨ ᠦᠷ᠎ᠡ ᠪᠦᠲᠦᠭᠡᠯ ᠪᠠ ᠨᠡᠶᠢᠲᠡᠯᠢᠭ ᠲᠤᠷᠰᠢᠯᠭ᠎ᠠ ᠶᠢ ᠳ᠋ᠦᠩᠨᠡᠨ ᠪᠣᠯᠪᠠᠰᠤᠷᠠᠭᠤᠯᠵᠤ᠂ | ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ | ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠤᠰᠤᠨ | ᠴᠠᠬᠢᠯᠭᠠᠨ ᠤ ᠢᠨᠵᠧᠨᠧᠷᠢᠩ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠯᠲᠠ ᠶᠢᠨ ᠠᠵᠢᠯ ᠢ | ᠪᠦᠬᠦ ᠲᠠᠯ᠎ᠠ ᠪᠠᠷ ᠠᠬᠢᠭᠤᠯᠬᠤ ᠳᠤ ᠳᠡᠮᠵᠢᠯᠭᠡ ᠪᠣᠯᠣᠨ ᠪᠠᠲᠤᠯᠠᠭ᠎ᠠ ᠬᠠᠩᠭᠠᠵᠤ᠂ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠶ ᠪᠠᠷ ᠬᠠᠮᠠᠭᠠᠯᠠᠬᠤ᠂ ᠰᠠᠪᠠ ᠭᠠᠵᠠᠷ ᠳᠠᠬᠢ ᠠᠮᠢᠳᠤᠷᠠᠯ᠂ | ᠦᠢᠯᠡᠳᠪᠦᠷᠢᠯᠡᠯ᠂ ᠠᠮᠢ ᠠᠬᠤᠢ ᠶᠢᠨ ᠬᠡᠷᠡᠭᠯᠡᠬᠦ ᠤᠰᠤ ᠶᠢ ᠪᠠᠲᠤᠯᠠᠬᠤ ᠪᠠᠲᠤ ᠪᠠᠬᠢ ᠰᠠᠭᠤᠷᠢ ᠲᠠᠯᠪᠢᠬᠤ ᠪᠣᠯᠣᠨ᠎ᠠ᠃ | |