ᠰᠦᠨ ᠱᠣᠣ ᠴᠧᠩ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2023/10/17
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠴᠡᠢ᠄ ᠠᠯᠪᠠᠨ ᠲᠢᠩᠬᠢᠮ ᠤᠨ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤᠵᠢᠯᠲᠠᠢ᠂ ᠬᠠᠷᠢᠭᠤᠴᠠᠯᠭ᠎ᠠ ᠥᠩᠭᠡ ᠭᠡᠷᠡᠯᠲᠡᠢ ᠶᠤᠮ᠃ ᠪᠥᠬᠦ ᠣᠷᠣᠨ ᠤ ᠠᠯᠪᠠᠨ ᠲᠢᠩᠬᠢᠮ ᠤᠨ ᠰᠢᠰᠲ᠋ᠧᠮ ᠤᠨ ᠬᠢᠨ ᠠᠯᠪᠠᠨ ᠲᠢᠩᠬᠢᠮ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠭᠤᠷᠪᠠ ᠳᠤ ᠦᠢᠯᠡᠴᠢᠯᠡᠬᠦ︾ ᠠᠵᠢᠯ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠣᠢ ᠪᠣᠯᠭᠠᠵᠤ᠂ ︽ᠤᠯᠤᠰ ᠤᠨ ᠶᠡᠭᠡ ᠶᠠᠪᠤᠳᠠᠯ︾᠎ ᠢ ᠴᠡᠭᠡᠵᠢᠨ ᠳᠡᠭᠡᠨ ᠪᠠᠭᠲᠠᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠬᠦᠴᠦᠲᠡᠢ ᠦᠢᠯᠡᠳᠦᠯᠭᠡᠵᠢᠭᠦᠯᠬᠦ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠣᠬᠢ ᠰᠠᠶᠢᠨ ᠬᠢᠬᠦ ᠠᠵᠢᠯ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠵᠦ ᠬᠠᠪᠰᠤᠷᠬᠤ ᠂ ᠱᠠᠯᠠᠪᠳᠠᠭᠤᠯᠤᠨ ᠪᠠᠶᠢᠴᠠᠭᠠᠬᠤ᠂ ᠦᠢᠯᠡᠴᠢᠯᠡᠵᠦ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠲᠠ ᠠᠴᠠ ᠨᠢᠭᠲᠠ ᠰᠠᠶᠢᠲᠤᠷ ᠬᠢᠵᠦ᠂ ᠨᠠᠷᠢᠨ ᠵᠦᠢᠯᠡᠰ ᠤᠨ ᠳᠤᠮᠳᠠ ᠵᠣᠷᠢᠭ ᠰᠠᠨᠠᠭ᠎ᠠ ᠶᠢ ᠢᠯᠡᠷᠡᠭᠦᠯᠵᠦ᠂ ᠨᠠᠷᠢᠨ ᠵᠦᠢᠯᠡᠰ ᠤᠨ ᠳᠤᠮᠳᠠ ᠲᠦᠪᠰᠢᠨ ᠢ ᠢᠯᠡᠷᠡᠭᠦᠯᠬᠦ ᠬᠡᠷᠡᠭᠲᠡᠢ᠃ ᠲᠦᠷᠦᠭᠦᠯᠡᠨ ᠶᠣᠰᠣ ᠳᠦᠷᠢᠮ ᠢ ᠡᠷᠬᠢᠮᠯᠡᠵᠦ᠂ ᠶᠣᠰᠣ ᠳᠦᠷᠢᠮ ᠢ ᠪᠠᠶᠢᠭᠤᠯᠬᠤ ᠪᠠ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠵᠤ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠠᠯ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠥᠬᠦ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠡᠮᠦᠨ᠎ᠡ ᠡᠩᠨᠡᠭᠡᠨ ᠳᠤ ᠶᠠᠪᠤᠵᠤ᠂ ︽ᠬᠤᠰᠢᠭᠤᠴᠢ︾ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃    10 ᠰᠠᠷ᠎ᠠ ᠶᠢᠨ 12᠎ ᠤᠨ ᠡᠳᠦᠷ᠂ ᠪᠥᠬᠦ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠠᠯᠪᠠᠯᠠᠬᠤ ᠰᠠᠯᠠᠭ᠎ᠠ ᠮᠥᠴᠢᠷ ᠤᠨ ᠬᠢᠨ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠣᠯᠵᠤ᠂ ᠦᠯᠢᠭᠡᠷ ᠵᠢᠱᠢᠶ᠎ᠡ ᠦᠵᠡᠭᠦᠯᠵᠦ᠂ ︽ᠲᠦᠷᠭᠡᠨ᠂ ᠲᠣᠭᠲᠠᠭᠤᠨ᠂ ᠴᠢᠩᠭ᠎ᠠ᠂ ᠣᠨᠣᠪᠴᠢᠲᠠᠢ᠂ ᠨᠠᠷᠢᠯᠢᠭ᠂ ᠪᠣᠳᠠᠲᠠᠢ︾ ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠡᠯ᠎ᠡ ᠲᠥᠷᠥᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠬᠤ ᠳᠤᠮᠳᠠ ︽ᠭᠤᠷᠪᠠ ᠳᠤ ᠦᠢᠯᠡᠴᠢᠯᠡᠬᠦ︾ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠳᠠᠪᠰᠢᠨ ᠣᠷᠣᠬᠤ ᠬᠠᠷᠠᠯᠲᠠ ᠶᠢ ᠪᠡᠶᠡᠯᠡᠭᠦᠯᠬᠦ ᠳᠤᠮᠳᠠ ᠬᠠᠮᠤᠭ ᠤᠨ ᠡᠮᠦᠨ᠎ᠡ ᠡᠩᠨᠡᠭᠡᠨ ᠳᠤ ᠶᠠᠪᠤᠵᠤ᠂ ︽ᠬᠤᠰᠢᠭᠤᠴᠢ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1