ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ  ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/10/17
    10 ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠦᠨᠡᠨ ᠬᠦ ᠭᠦᠨᠵᠡᠭᠡᠢ ᠰᠤᠷᠤᠯᠴᠠᠨ ᠨᠡᠪᠲᠡᠷᠡᠳᠡᠯ᠎ᠠ ᠣᠶᠢᠯᠠᠭᠠᠬᠤ ᠶᠢᠨ ᠬᠠᠮᠲᠤ ᠤᠬᠠᠮᠰᠠᠷ ᠠᠴᠠ ᠪᠠᠨ ᠡᠨᠡ ᠬᠦ ᠴᠢᠬᠤᠯᠠ ᠦᠵᠡᠯ ᠰᠠᠨᠠᠭ᠎ᠠ ᠶᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠭᠦᠨᠵᠡᠭᠡᠢ ᠠᠳᠬᠤᠵᠤ ᠪᠣᠳᠠᠲᠠᠢ ᠠᠳᠬᠤᠨ᠂ ︽ᠤᠮᠠᠷᠠᠲᠤ ᠶᠢᠨ ᠰᠣᠶᠣᠯ︾ ᠎ ᠤᠨ ᠰᠤᠳᠤᠯᠭᠠᠨ ᠪᠠ ᠲᠠᠶᠢᠯᠪᠤᠷᠢᠯᠠᠯᠲᠠ ᠶᠢ ᠴᠢᠩᠭᠠᠳᠬᠠᠵᠤ᠂ ᠪᠦᠭᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠣᠯᠣᠳᠤᠭᠠᠷ ᠤᠳᠠᠭ᠎ᠠ ᠶᠢᠨ ᠪᠦᠭᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ᠂ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠪᠦᠭᠦ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠰᠠᠶᠢᠨ ᠶᠠᠪᠤᠳᠠᠯ ᠢ ᠢᠯᠡᠭᠦᠬᠡᠨ ᠬᠢᠵᠦ᠂ ᠡᠮᠡᠭᠲᠡᠶᠢᠴᠦᠳ ᠤᠨ ᠬᠦᠴᠦᠨ ᠢ ᠨᠡᠩ ᠰᠠᠶᠢᠲᠤᠷ ᠨᠢᠭᠲᠠᠷᠠᠭᠤᠯᠤᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠨᠠᠩ ᠥᠨᠳᠥᠷ ᠵᠣᠭᠰᠣᠴᠠ ᠠᠴᠠ᠂ ᠨᠠᠩ ᠪᠣᠳᠠᠲᠠᠢ ᠠᠷᠭ᠎ᠠ ᠬᠡᠮᠵᠢᠶ᠎ᠡ᠂ ᠨᠠᠩ ᠢᠳᠡᠪᠬᠢᠲᠡᠢ ᠰᠠᠨᠠᠭᠠᠴᠢᠯᠠᠭᠠᠲᠤ ᠣᠪᠣᠷ ᠪᠠᠶᠢᠳᠠᠯ ᠢᠶᠠᠷ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠡᠯ᠎ᠡ ᠲᠠᠯ᠎ᠠ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠪᠣᠳᠠᠲᠠᠢ ᠬᠠᠮᠲᠤᠷᠠᠯᠴᠠᠭᠠᠨ ᠤ ᠵᠦᠢᠯ ᠤᠳ ᠢ ᠦᠨᠡᠨ ᠪᠣᠳᠠᠲᠠᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠬᠠᠷᠢᠴᠠᠭ᠎ᠠ ᠨᠤᠭᠤᠳ ᠢ ᠰᠠᠶᠢᠲᠤᠷ ᠰᠢᠢᠳᠪᠦᠷᠢᠯᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠪᠡᠶᠡᠯᠡᠭᠦᠯᠵᠦ᠂ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠨ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ  ᠳᠤ ᠲᠠᠪᠰᠢᠨ ᠣᠷᠣᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠦᠴᠦᠨ ᠢ ᠨᠠᠩ ᠢᠯᠡᠭᠦᠦ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 74 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠪᠣᠯᠣᠨ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ ᠳᠤᠷᠠᠳᠪᠠ᠃    ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠎ ᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠰᠤᠳᠤᠯᠪᠠ᠃ ᠬᠤᠷᠠᠯ ᠠᠴᠠ᠂ ᠡᠨᠡ ᠬᠦ ︽ᠰᠠᠨᠠᠯ︾᠎ ᠢ ᠨᠡᠶᠢᠲᠡᠯᠡᠭᠰᠡᠨ ᠨᠢ ᠡᠨᠡ ᠵᠢᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠤ ᠳᠠᠷᠠᠭᠠᠬᠢ ᠮᠠᠨ ᠤ ᠣᠷᠣᠨ ᠤ ᠪᠠᠰᠠ ᠨᠢᠭᠡᠨ ᠲᠣᠮᠣ ᠪᠠᠶᠠᠷᠲᠤ ᠶᠠᠪᠤᠳᠠᠯ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠢᠴᠡᠳ ᠢᠯᠡᠷᠡᠭᠦᠯᠵᠦ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠣᠷᠣᠨ ᠳᠠᠶᠠᠭᠠᠷ ᠢᠶᠠᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠵᠤ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠤᠷᠤᠯᠴᠠᠨ ᠣᠶᠢᠯᠠᠭᠠᠵᠤ᠂ ︽ᠰᠠᠨᠠᠯ︾᠎ ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠪᠦᠷᠢ ᠶᠢ ᠭᠦᠨᠵᠡᠭᠡᠢ ᠰᠢᠨᠵᠢᠯᠡᠵᠦ ᠨᠠᠷᠢᠯᠢᠭ ᠰᠤᠳᠤᠯᠬᠤ ᠭᠡᠷᠡᠭᠲᠡᠢ︔ ᠬᠤᠶᠠᠷ ᠲᠤ᠂ ᠱᠠᠲᠤ ᠱᠠᠲᠤ ᠪᠠᠷ ᠡᠭᠦᠷᠭᠡ ᠪᠠᠨ ᠲᠣᠳᠣᠷᠬᠠᠶᠢᠯᠠᠵᠤ᠂ ᠪᠠᠶᠢᠷᠢᠯᠠᠭᠤᠯᠤᠯᠲᠠ ᠪᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠷᠢᠯᠭ᠎ᠠ ᠶᠢᠨ ᠠᠵᠢᠯ ᠢ ᠰᠠᠶᠢᠲᠤᠷ ᠠᠳᠬᠤᠬᠤ ᠭᠡᠷᠡᠭᠲᠡᠢ︔ ᠭᠤᠷᠪᠠ ᠳᠤ᠂ ᠳᠡᠭᠡᠭᠰᠢ ᠪᠠᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠷᠲᠡᠬᠡᠨ ᠨᠡᠶᠢᠲᠡᠯᠡᠬᠦ ᠪᠠᠷ ᠢᠳᠡᠪᠬᠢᠯᠡᠨ ᠴᠢᠷᠮᠠᠶᠢᠬᠤ ᠭᠡᠷᠡᠭᠲᠡᠢ︔ ᠳᠥᠷᠪᠡ ᠳᠤ᠂ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠭᠦᠢᠴᠡᠳ ᠠᠮᠢᠳᠤᠯᠢᠭ ᠬᠡᠷᠡᠭᠯᠡᠵᠦ᠂ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠭᠦᠯᠭᠦ ᠭᠡᠷᠡᠭᠲᠡᠢ︔ ᠲᠠᠪᠤ ᠳᠤ᠂ ᠲᠡᠮᠦᠷ ᠢ ᠬᠠᠯᠠᠭᠤᠨ ᠳᠡᠭᠡᠷ᠎ᠡ ᠨᠢ ᠳᠠᠪᠲᠠᠵᠤ᠂ ᠡᠬᠢᠯᠡᠭᠦᠯᠵᠦ ᠪᠤᠯᠬᠤ ᠶᠢ ᠨᠢ ᠦᠳᠲᠡᠷ ᠲᠦᠷᠭᠡᠨ ᠡᠬᠢᠯᠡᠭᠦᠯᠵᠦ᠂ ᠭᠠᠷᠮᠠᠭᠠᠢ ᠠᠵᠢᠯᠯᠠᠵᠠᠭᠠᠵᠤ᠂ ᠢᠯᠡᠭᠦᠬᠡᠨ ᠦᠷ᠎ᠡ ᠪᠦᠲᠦᠮᠵᠢ ᠭᠠᠷᠭᠠᠬᠤ ᠭᠡᠷᠡᠭᠲᠡᠢ︔ ᠵᠢᠷᠭᠤᠭ᠎ᠠ ᠳᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠳᠡᠮᠵᠢᠯᠭᠡ ᠶᠢ ᠲᠦᠭ ᠲᠦᠮᠡᠨ ᠠᠶᠢᠯ ᠡᠷᠦᠭᠡ ᠳᠤ ᠳᠠᠮᠵᠢᠭᠤᠯᠵᠤ᠂ ᠤᠮᠠᠷᠠᠲᠤ ᠶᠢᠨ ᠡᠬᠡ ᠭᠠᠵᠠᠷ ᠲᠤ ᠳᠠᠮᠵᠢᠭᠤᠯᠤᠨ ᠬᠦᠷᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1