ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ︽ᠠᠵᠤ ᠦᠢᠯᠡᠰ ᠤᠨ ᠥᠭᠡᠷᠡᠴᠢᠯᠡᠯᠲᠡ︾᠎ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠮᠠᠨ ᠤ ᠣᠷᠣᠨ ᠭᠤᠷᠪᠠᠳᠤᠭᠠᠷ ᠪᠦᠯᠦᠭ ᠲᠥᠰᠥᠯ ᠤᠨ ᠲᠤᠷᠰᠢᠯᠲᠠ ᠶᠢᠨ ᠴᠡᠭ ᠢᠶᠠᠷ 60 ᠠᠵᠤ ᠠᠬᠤᠶᠢᠯᠠᠯ ᠢ ᠰᠣᠩᠭᠤᠪᠠ
ᠨᠡᠶᠢᠲᠡᠯᠡᠭᠰᠡᠨ ᠴᠠᠭ᠄
2023/10/17
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ︵︽ᠠᠵᠤ ᠦᠢᠯᠡᠰ ᠤᠨ ᠥᠭᠡᠷᠡᠴᠢᠯᠡᠯᠲᠡ︾ ᠭᠡᠵᠦ ᠲᠣᠪᠴᠢᠯᠠᠪᠠ︶᠎ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠳᠤᠭᠠᠷ ᠪᠦᠯᠦᠭ ᠲᠥᠰᠥᠯ ᠤᠨ ᠲᠤᠷᠰᠢᠯᠲᠠ ᠶᠢᠨ ᠴᠡᠭ ᠢᠶᠠᠷ ᠮᠠᠨ ᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ 60 ᠠᠵᠤ ᠠᠬᠤᠶᠢᠯᠠᠯ ᠢ ᠰᠣᠩᠭᠤᠪᠠ᠃    ᠲᠣᠰ ᠤᠳᠠᠭᠠᠨ ᠤ ᠲᠤᠷᠰᠢᠯᠲᠠ ᠶᠢᠨ ᠬᠤᠭᠤᠴᠠᠭ᠎ᠠ ᠨᠢ 1 ᠵᠢᠯ ᠪᠣᠯᠣᠨ᠎ᠠ᠂ ᠪᠦᠬᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠠᠵᠤ ᠦᠢᠯᠡᠰ ᠤᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ᠂ ᠠᠵᠤ ᠦᠢᠯᠡᠰ ᠤᠨ ᠠᠵᠢᠯᠴᠢᠨ ᠤ ᠤᠷ᠎ᠠ ᠴᠢᠳᠠᠪᠤᠷᠢ ᠪᠦᠷᠢᠯᠳᠦᠭᠦᠯᠬᠦ ᠲᠣᠭᠲᠠᠯᠴᠠᠭ᠎ᠠ ᠶᠢ ᠪᠠᠶᠢᠭᠤᠯᠬᠤ ᠪᠠ ᠲᠡᠭᠦᠯᠳᠡᠷᠵᠢᠭᠦᠯᠬᠦ᠂ ᠰᠦᠯᠵᠢᠶᠡᠨ ᠤ ᠰᠤᠷᠤᠯᠴᠠᠯᠭ᠎ᠠ ᠶᠢᠨ ᠲᠠᠪᠴᠠᠩ ᠪᠠ ᠠᠵᠤ ᠦᠢᠯᠡᠰ ᠰᠤᠷᠭᠠᠭᠤᠯᠢ ᠠᠭᠤᠰᠤᠯᠴᠠᠨ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠭᠰᠠᠨ ᠠᠵᠢᠯᠲᠠᠳ ᠤᠨ ᠠᠵᠢᠯ ᠤᠨ ᠤᠷ᠎ᠠ ᠴᠢᠳᠠᠪᠤᠷᠢ ᠶᠢ ᠳᠠᠳᠤᠯᠭᠠᠵᠢᠭᠤᠯᠬᠤ ᠰᠠᠭᠤᠷᠢᠨ ᠢ ᠪᠠᠶᠢᠭᠤᠯᠬᠤ᠂ ᠠᠵᠤ ᠦᠢᠯᠡᠰ ᠤᠨ ᠠᠵᠢᠯᠴᠢᠨ ᠤ ᠰᠢᠨ᠎ᠡ ᠶᠢ ᠡᠭᠦᠳᠬᠦ ᠦᠷ᠎ᠡ ᠪᠦᠲᠦᠮᠵᠢ ᠣᠯᠬᠤ ᠶᠢ ᠲᠡᠳᠬᠦᠬᠦ ᠶᠢ ᠡᠷᠴᠢᠮᠵᠢᠭᠦᠯᠬᠦ ᠵᠡᠷᠭᠡ 15 ᠲᠠᠯ᠎ᠠ ᠪᠠᠷ ᠲᠤᠷᠰᠢᠯᠲᠠ ᠶᠢᠨ ᠴᠡᠭ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠨᠢᠭᠡ ᠪᠦᠯᠦᠭ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ︽ᠠᠵᠤ ᠦᠢᠯᠡᠰ ᠤᠨ ᠥᠭᠡᠷᠡᠴᠢᠯᠡᠯᠲᠡ︾᠎ ᠶᠢᠨ ᠠᠵᠢᠯ ᠢ ᠪᠣᠳᠠᠲᠠᠶᠢᠵᠢᠭᠤᠯᠬᠤ ᠪᠠ ᠨᠠᠷᠢᠯᠢᠭᠵᠢᠭᠤᠯᠵᠤ᠂ ᠠᠵᠤ ᠦᠢᠯᠡᠰ ᠤᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃    2021 ᠣᠨ ᠳᠤ᠂ ᠮᠠᠨ ᠤ ᠣᠷᠣᠨ ︽ᠠᠵᠤ ᠦᠢᠯᠡᠰ ᠤᠨ ᠥᠭᠡᠷᠡᠴᠢᠯᠡᠯᠲᠡ︾᠎ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠨᠢᠭᠡᠳᠤᠭᠡᠷ ᠪᠦᠯᠦᠭ ᠲᠤᠷᠰᠢᠯᠲᠠ ᠶᠢᠨ ᠴᠡᠭ ᠢᠶᠠᠷ ᠨᠡᠶᠢᠲᠡ ᠶᠢᠨ ᠥᠮᠴᠢᠯᠡᠯ ᠤᠨ ᠪᠤᠰᠤ 5 ᠠᠵᠤ ᠠᠬᠤᠶᠢᠯᠠᠯ ᠢ ᠰᠣᠩᠭᠤᠪᠠ︔ 2022 ᠣᠨ ᠳᠤ᠂ ᠬᠤᠶᠠᠳᠤᠭᠠᠷ ᠪᠦᠯᠦᠭ ᠤᠨ ᠲᠤᠷᠰᠢᠯᠲᠠ ᠶᠢᠨ ᠴᠡᠭ ᠢᠶᠠᠷ ᠨᠡᠶᠢᠲᠡ ᠶᠢᠨ ᠥᠮᠴᠢᠯᠡᠯ ᠤᠨ ᠪᠤᠰᠤ 10 ᠠᠵᠤ ᠠᠬᠤᠶᠢᠯᠠᠯ ᠢ ᠰᠣᠩᠭᠤᠵᠠᠢ᠃ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶᠡᠨ ᠤ ᠯᠠᠪᠳᠠᠭᠤᠨ ᠢᠶᠠᠷ ᠥᠷᠨᠢᠬᠦ ᠶᠢ ᠳᠠᠭᠠᠯᠳᠤᠨ᠂ ᠮᠠᠨ ᠤ ᠣᠷᠣᠨ ᠤ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠲᠠᠰᠤᠷᠠᠯᠲᠠ ᠦᠭᠡᠢ ᠪᠠᠬᠢᠵᠢᠵᠦ᠂ ᠤᠷ᠎ᠠ ᠴᠢᠳᠠᠪᠤᠷᠢ ᠶᠢᠨ ᠬᠡᠪ ᠴᠢᠨᠠᠷ ᠶᠡᠭᠡ ᠪᠠᠷ ᠳᠡᠭᠡᠭᠰᠢᠯᠡᠨ᠂ ᠴᠢᠳᠠᠪᠤᠷᠢᠲᠠᠨ ᠤ ᠡᠩᠨᠡᠭᠡ ᠦᠷᠭᠦᠯᠵᠢᠯᠡᠨ ᠪᠤᠵᠠᠭᠠᠶᠢᠷᠠᠵᠤ᠂ ᠠᠵᠢᠯᠲᠠᠨ ᠤ ᠪᠤᠶᠠᠨ ᠵᠢᠷᠭᠠᠯ ᠲᠠᠰᠤᠷᠠᠯᠲᠠ ᠦᠭᠡᠢ ᠨᠡᠮᠡᠭᠳᠡᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1