10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | ᠬᠥᠬᠡᠬᠤᠲᠠ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠣᠷᠣᠯᠴᠠᠬᠤ ᠲᠥᠯᠥᠭᠡᠯᠡᠭᠴᠢᠳ ᠤᠨ ᠪᠦᠯᠬᠦᠮ ᠤᠨ ᠲᠠᠩᠭᠠᠷᠢᠭᠯᠠᠬᠤ ᠬᠤᠷᠠᠯ ᠬᠢᠪᠡ᠃ | ᠲᠤᠰ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ | ᠤᠷᠤᠯᠳᠤᠭᠠᠨ ᠳᠤ᠂ ᠮᠠᠨ ᠤ ᠣᠷᠣᠨ ᠤ ᠬᠥᠬᠡᠬᠤᠲᠠ᠂ ᠤᠯᠠᠭᠠᠨᠬᠠᠳᠠ ᠬᠤᠳᠠ ᠠᠴᠠ ᠢᠷᠡᠭᠰᠡᠨ 406 ᠲᠠᠮᠢᠷᠴᠢᠨ | ᠥᠪᠥᠷ ᠮᠣᠩᠭᠤᠯ ᠢ ᠲᠥᠯᠥᠭᠡᠯᠡᠨ 25 ᠶᠡᠭᠡ ᠵᠦᠢᠯ ᠤᠨ ᠤᠷᠤᠯᠳᠤᠭᠠᠨ ᠳᠤ ᠣᠷᠣᠯᠴᠠᠪᠠ᠃ ᠬᠠᠮᠤᠭ ᠡᠴᠦᠰ ᠲᠤ | ᠬᠦᠨᠳᠦ ᠬᠥᠩᠭᠡᠨ ᠲᠠᠮᠢᠷ᠂ ᠨᠢᠳᠤᠷᠭᠠᠨ ᠲᠡᠮᠡᠴᠡᠭᠡᠨ᠂ ᠵᠢᠣᠳᠣᠣ᠂ ᠲᠠᠢ ᠴᠢᠤᠸᠠᠨ ᠳ᠋ᠣᠣ᠂ ᠬᠦᠷᠳᠦᠲᠦ ᠲᠡᠰᠢᠯᠲᠡ | ᠵᠡᠷᠭᠡ 18 ᠵᠦᠢᠯ ᠤᠨ ᠪᠡᠯᠡᠳᠬᠡᠯ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠵᠤ᠂ ᠨᠡᠶᠢᠲᠡ 148 | ᠲᠠᠮᠢᠷᠴᠢᠨ ᠰᠢᠢᠳᠪᠦᠷᠢᠲᠦ ᠤᠷᠤᠯᠳᠤᠭᠠᠨ ᠤ ᠬᠢᠷᠢ ᠬᠡᠮ ᠢ ᠣᠯᠪᠠ᠃ ᠡᠭᠦᠨ ᠠᠴᠠ ᠭᠠᠳᠠᠨ᠎ᠠ᠂ ᠨᠢᠭᠡᠨᠲᠡ | ᠳᠠᠭᠤᠰᠤᠭᠰᠠᠨ ᠰᠣᠷᠣᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠤᠶᠢᠺᠤ ᠪᠥᠮᠪᠦᠭᠡ ᠶᠢᠨ | ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ᠂ ᠬᠥᠬᠡᠬᠤᠲᠠ ᠶᠢᠨ ᠡᠷᠡᠭᠲᠡᠢ ᠶᠢᠨ ᠪᠤᠶᠢᠺᠤ ᠪᠥᠮᠪᠦᠭᠡ ᠶᠢᠨ ᠠᠩᠭᠢ | ᠪᠥᠬᠦ ᠤᠯᠤᠰ ᠤᠨ 16 ᠠᠩᠭᠢ ᠲᠠᠢ ᠤᠷᠤᠯᠳᠤᠭᠠᠳ᠂ ᠲᠠᠪᠤᠳᠤᠭᠠᠷ ᠲᠤ ᠣᠷᠣᠵᠠᠢ᠃ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢᠳ ︵ | ᠵᠠᠯᠠᠭᠤᠴᠤᠳ︶ ᠤᠨ ᠪᠡᠶ᠎ᠡ ᠲᠠᠮᠢᠷ ᠤᠨ ᠴᠤᠭᠯᠠᠭᠠᠨ ᠪᠣᠯ ᠤᠤᠯ ᠤᠨ ᠪᠦᠬᠦ ᠤᠯᠤᠰ ᠤᠨ ᠰᠤᠷᠤᠭᠴᠢᠳ ᠤᠨ ᠪᠡᠶ᠎ᠡ | ᠲᠠᠮᠢᠷ ᠤᠨ ᠴᠤᠭᠯᠠᠭᠠᠨ ᠪᠠ ᠪᠦᠬᠦ ᠤᠯᠤᠰ ᠤᠨ ᠵᠠᠯᠠᠭᠤᠴᠤᠳ ᠤᠨ ᠪᠡᠶ᠎ᠡ ᠲᠠᠮᠢᠷ ᠤᠨ ᠴᠤᠭᠯᠠᠭᠠᠨ ᠢ ᠨᠡᠶᠢᠯᠡᠭᠦᠯᠦᠭᠰᠡᠨ | ᠤᠯᠤᠰ ᠤᠨ ᠳᠡᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ | ᠪᠣᠯᠣᠨ᠎ᠠ᠃ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ | ᠴᠤᠭᠯᠠᠭᠠᠨ 11 ᠳ᠋ᠦ᠋ᠭᠡᠷ ᠰᠠᠷ᠎ᠠ ᠶᠢᠨ 5 – 15 ᠤ ᠡᠳᠦᠷ ᠪᠣᠯᠲᠠᠯ᠎ᠠ ᠭᠤᠸᠠᠩᠰᠢ ᠶᠢᠨ ᠵᠤᠸᠠᠩ ᠦᠨᠳᠦᠰᠦᠲᠡᠨ ᠤ | ᠥᠪᠡᠷᠲᠡᠭᠡᠨ ᠵᠠᠰᠠᠬᠤ ᠣᠷᠣᠨ ᠳᠤ ᠶᠠᠪᠤᠭᠳᠠᠨ᠎ᠠ᠃ | |