ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/10/17
    10 ᠰᠠᠷ᠎ᠠ ᠶᠢᠨ 16᠎ ᠤ ᠦᠳᠡ ᠶᠢᠨ ᠡᠮᠦᠨ᠎ᠡ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠥᠬᠡᠬᠤᠲᠠ ᠳᠤ ᠡᠬᠢᠯᠡᠭᠰᠡᠨ ᠪᠥᠭᠡᠳ ᠬᠤᠶᠠᠷ ᠤᠳᠠᠭ᠎ᠠ ᠬᠤᠷᠠᠯᠳᠤᠬᠤ ᠪᠣᠯᠣᠨ᠎ᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠣᠨ ᠨᠤᠲᠤᠭ ᠤᠨ ᠠᠵᠤ ᠠᠬᠤᠢ ᠶᠢᠨ ᠵᠤᠷᠭᠠᠨ ᠤ ᠳᠡᠳ᠋ ᠳᠠᠷᠤᠭ᠎ᠠ ᠯᠢ ᠫᠢᠩ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠤᠨ ᠵᠣᠷᠢᠭ ᠰᠠᠨᠠᠭ᠎ᠠ ᠳᠤ ᠲᠠᠶᠢᠯᠤᠮᠵᠢ ᠬᠢᠪᠡ᠃    ᠡᠨᠡ ᠤᠳᠠᠭ᠎ᠠ ᠶᠢᠨ ᠬᠤᠷᠠᠯ ᠤᠨ ᠭᠤᠣᠯ ᠡᠭᠦᠷᠭᠡ ᠪᠣᠯ᠄ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠵᠦ ︽ᠰᠢᠨ᠎ᠡ ᠵᠠᠮ ᠢ ᠨᠡᠭᠡᠭᠡᠵᠦ᠂ ᠳᠤᠮᠳᠠ ᠲᠥᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠣᠶᠢᠷ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠠᠯᠢ ᠣᠯᠠᠨ ᠴᠢᠬᠤᠯᠠ ᠬᠤᠷᠠᠯ ᠤᠨ ᠵᠣᠷᠢᠭ ᠰᠠᠨᠠᠭ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶ᠋ᠢᠨ ᠪᠢᠴᠢᠭᠯᠡᠬᠦ ᠲᠤᠬᠠᠢ ᠰᠠᠨᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠰᠣᠳᠣᠯᠣᠨ ᠪᠠᠶᠢᠷᠢᠯᠠᠭᠤᠯᠤᠨ᠎ᠠ᠃    ᠲᠤᠰ ᠤᠳᠠᠭ᠎ᠠ ᠶᠢᠨ ᠬᠤᠷᠠᠯ ᠠᠴᠠ ᠲᠤᠰᠬᠠᠶᠢᠯᠠᠨ ᠬᠤᠶᠠᠷ ᠤᠳᠠᠭ᠎ᠠ ᠬᠠᠭᠠᠰ ᠡᠳᠦᠷ ᠤᠨ ᠴᠠᠭ ᠢ ᠳᠣᠬᠢᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠨ ᠶᠠᠷᠢᠶ᠎ᠠ ᠪᠣᠯᠣᠨ ᠮᠠᠨ ᠤ ᠣᠷᠣᠨ ᠤ ᠢᠵᠢ ᠪᠦᠷᠢᠳᠦᠭᠦᠯᠦᠨ ᠨᠠᠶᠢᠲᠡᠯᠡᠬᠦ ᠪᠠᠷ ᠪᠠᠶᠢᠭ᠎ᠠ 7 ᠪᠢᠴᠢᠭ ᠮᠠᠲ᠋ᠧᠷᠢᠶᠠᠯ ᠢ ᠳᠤᠭᠤᠶᠢᠯᠠᠩ ᠬᠤᠪᠢᠶᠠᠨ ᠶᠠᠷᠢᠯᠴᠠᠬᠤ ᠪᠣᠯᠣᠨ᠎ᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1