ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/10/17
    ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 16᠎ ᠤ ᠴᠠᠭᠢᠯᠭᠠᠨ ᠮᠡᠳᠡᠭᠡ ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶᠎ ᠢ ᠳᠠᠷᠤᠮᠠᠯᠯᠠᠨ ᠲᠠᠷᠬᠠᠭᠠᠪᠠ᠃    ︽ᠰᠠᠨᠠᠯ︾᠎ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠵᠤ᠂ ᠠᠵᠤ ᠠᠬᠤᠢ ᠶᠢᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠬᠦ ᠶᠢ ᠲᠦᠷᠭᠡᠳᠬᠡᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢ ᠪᠦᠲᠦᠭᠡᠨ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠪᠠ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠦᠢᠯᠡᠳᠦᠯ ᠴᠢᠳᠠᠪᠬᠢ ᠪᠠᠨ ᠦᠨᠡᠨ ᠬᠦ ᠳᠡᠭᠡᠭᠰᠢᠯᠡᠭᠦᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ ᠪᠠᠲᠤᠯᠠᠬᠤ ᠴᠢᠬᠤᠯᠠ ᠲᠤᠯᠭᠠᠭᠤᠷᠢᠯᠠᠯ ᠢ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃ ︽ᠰᠠᠨᠠᠯ︾᠎ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠂ ᠭᠡᠯᠪᠡᠷᠢ ᠶᠢ ᠬᠤᠪᠢᠷᠠᠭᠤᠯᠬᠤ᠂ ᠪᠦᠲᠦᠴᠡ ᠳᠤ ᠲᠣᠬᠢᠷᠠᠭᠤᠯᠤᠯᠲᠠ ᠬᠢᠬᠦ᠂ ᠥᠭᠡᠷᠡᠴᠢᠯᠡᠯᠲᠡ ᠨᠡᠭᠡᠭᠡᠯᠲᠡ ᠬᠢᠬᠦ᠂ ᠳᠠᠪᠠᠭᠤᠯᠢᠭ ᠢ ᠪᠤᠶ ᠪᠤᠯᠭᠠᠬᠤ᠂ ᠬᠤᠷᠢᠭ᠎ᠠ ᠱᠤᠭᠤᠮ ᠤᠨ ᠰᠡᠳᠬᠢᠬᠦᠢ᠂ ᠠᠮᠤᠷ ᠲᠦᠪᠰᠢᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠵᠡᠷᠭᠡ ᠠᠵᠢᠯ ᠤᠨ ᠵᠠᠷᠴᠢᠮ ᠢ ᠲᠣᠳᠣᠷᠬᠠᠶᠢᠯᠠᠵᠤ᠂ 2027 ᠣᠨ᠂ 2035 ᠣᠨ ᠪᠤᠯᠲᠠᠯᠠᠭᠢ ᠬᠥᠭᠵᠢᠯᠲᠡ ᠶᠢᠨ ᠬᠠᠷᠠᠯᠲᠠ ᠶᠢ ᠳᠤᠷᠠᠳᠪᠠ᠃    ︽ᠰᠠᠨᠠᠯ︾᠎ ᠳᠤ 7 ᠲᠠᠯ᠎ᠠ ᠶᠢᠨ ᠭᠤᠣᠯ ᠡᠭᠦᠷᠭᠡ ᠶᠢ ᠪᠠᠶᠢᠷᠢᠯᠠᠭᠤᠯᠪᠠ᠃ ᠨᠢᠭᠡ ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠬᠤᠶᠠᠷ ᠲᠤ᠂ ᠠᠵᠤ ᠦᠢᠯᠡᠰ ᠤᠨ ᠪᠦᠲᠦᠴᠡ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ᠂ ᠣᠯᠠᠨ ᠡᠰᠢᠵᠢᠭᠰᠡᠨ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠳᠥᠷᠪᠡ ᠳᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠲᠠᠪᠤ ᠳᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠳᠣᠯᠤᠭ᠎ᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ     ︽ᠰᠠᠨᠠᠯ︾᠎ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠨᠠᠷᠢᠨ ᠲᠠᠩᠰᠠ ᠶᠢ ᠲᠣᠭᠲᠠᠭᠠᠨ᠂ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ︽ᠰᠠᠨᠠᠯ︾᠎ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠦᠨᠳᠦᠰᠦᠯᠡᠨ᠂ ᠵᠢᠭᠠᠨ ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠨ᠂ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠰᠠᠨᠠᠯ︾᠎ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠦᠨᠡᠯᠡᠬᠦ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠲᠣᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1