ᠥᠪᠡᠷᠲᠡᠭᠡᠨ ᠵᠠᠰᠠᠬᠤ ᠣᠷᠣᠨ ᠤ ᠰᠢᠨᠵᠢᠯᠡᠨ ᠪᠠᠶᠢᠴᠠᠭᠠᠬᠤ ᠪᠦᠯᠬᠦᠮ ᠱᠠᠨᠳᠦ᠋ᠩ ᠳᠤ ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/10/17
    10 ᠳ᠋ᠤᠭᠠᠷ ᠰᠠᠷ᠎ᠠ ᠶᠢᠨ 13᠎ ᠠᠴᠠ 15᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠱᠠᠨᠳᠦ᠋ᠩ ᠮᠤᠵᠢ ᠳᠤ ᠬᠦᠷᠴᠦ ᠰᠤᠷᠤᠯᠴᠠᠵᠦ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠽᠢ ᠪᠥᠸᠧ᠂ ᠸᠧᠢ ᠹᠠᠩ᠂ ᠴᠢᠩᠳᠣᠣ 3 ᠬᠤᠲᠠ ᠳᠤ ᠬᠦᠷᠴᠦ᠂ ᠪᠡᠯᠡᠳᠬᠡᠮᠵᠢᠲᠦ ᠲᠠᠷᠢᠶᠠᠯᠠᠩ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ 10 ᠠᠵᠤ ᠠᠬᠤᠶᠢᠯᠠᠯ ᠢ ᠲᠣᠭᠤᠷᠢᠨ ᠦᠵᠡᠵᠦ᠂ ᠱᠠᠨᠳᠦ᠋ᠩ ᠮᠤᠵᠢ ᠶᠢᠨ ᠠᠵᠤ ᠦᠢᠯᠡᠳᠪᠦᠷᠢ ᠶᠢ ᠠᠳᠬᠤᠬᠤ ᠰᠡᠳᠬᠢᠬᠦᠢ ᠪᠠᠷ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠲᠡᠷᠢᠭᠦᠨ ᠤ ᠣᠶᠢᠯᠠᠭᠠᠭᠳᠠᠬᠤᠨ᠂ ᠪᠡᠯᠡᠳᠬᠡᠮᠵᠢᠲᠦ ᠢᠳᠡᠰᠢᠨ ᠨᠣᠭᠤᠭ᠎ᠠ᠂ ᠵᠢᠮᠢᠰ᠂ ᠴᠡᠴᠡᠭ᠂ ᠵᠢᠭᠠᠰᠤᠨ ᠤ ᠠᠵᠤ ᠠᠬᠤᠢ ᠪᠠ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠵᠡᠷᠭᠡ ᠲᠡᠷᠢᠭᠦᠨ ᠤ ᠵᠠᠭᠪᠤᠷ ᠢ ᠬᠥᠭᠵᠢᠭᠦᠯᠦᠭᠰᠡᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠭᠦᠨᠵᠡᠭᠡᠢ ᠠᠭᠤᠰᠤᠯᠴᠠᠬᠤ ᠶᠢ ᠠᠬᠢᠭᠤᠯᠤᠭᠰᠠᠨ ᠡᠵᠡᠩᠨᠡᠯᠲᠡ ᠶᠢᠨ ᠰᠢᠨ᠎ᠡ ᠬᠡᠯᠪᠡᠷᠢ ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠶᠢ ᠡᠷᠴᠢᠮᠵᠢᠭᠦᠯᠦᠭᠰᠡᠨ ᠠᠰᠢᠭᠲᠠᠢ ᠲᠤᠷᠰᠢᠯᠭ᠎ᠠ ᠶᠢ ᠰᠤᠷᠤᠯᠴᠠᠵᠦ ᠰᠢᠨᠵᠢᠯᠡᠨ ᠪᠠᠶᠢᠴᠠᠭᠠᠪᠠ᠃    ᠶᠠᠩ ᠸᠧᠢ ᠳ᠋ᠦᠩ ᠬᠡᠯᠡᠬᠦ ᠳᠤ ᠪᠠᠨ᠂ ᠲᠡᠷᠢᠭᠦᠨ ᠤ ᠬᠢ ᠲᠠᠢ ᠠᠳᠠᠯᠢᠳᠬᠠᠨ᠂ ᠦᠨᠡᠨ ᠡᠷᠳᠡᠮ ᠰᠤᠷᠴᠤ᠂ ᠦᠵᠡᠯ ᠰᠠᠨᠠᠭᠠᠨ ᠤ ᠬᠦᠷᠢᠶ᠎ᠡ ᠪᠠᠨ ᠪᠠᠶᠢᠩᠭᠤ ᠲᠡᠯᠡᠵᠦ᠂ ᠵᠣᠷᠢᠭᠲᠠᠢ ᠪᠠᠷ ᠬᠠᠭᠤᠴᠢᠨ ᠢ ᠲᠠᠶᠠᠭᠳᠠᠨ ᠰᠢᠨ᠎ᠡ ᠶᠢ ᠪᠦᠲᠦᠭᠡᠨ᠂ ᠦᠭᠡᠢ ᠠᠴᠠ ᠪᠠᠶᠢᠬᠤ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠳᠤ ᠬᠢᠵᠠᠭᠠᠷᠯᠠᠭᠳᠠᠬᠤ ᠦᠭᠡᠢ ᠪᠠᠷ ᠲᠠᠷᠢᠶᠠᠯᠠᠩ ᠮᠠᠯ ᠠᠵᠤ ᠠᠬᠤᠢ ᠶᠢ ᠠᠳᠬᠤᠨ᠂ ᠥᠪᠥᠷ ᠮᠣᠩᠭᠤᠯ ᠳᠤ ᠬᠢᠵᠠᠭᠠᠷᠯᠠᠭᠳᠠᠬᠤ ᠦᠭᠡᠢ ᠪᠠᠷ ᠲᠠᠷᠢᠶᠠᠯᠠᠩ ᠮᠠᠯ ᠠᠵᠤ ᠠᠬᠤᠢ ᠶᠢ ᠠᠳᠬᠤᠵᠤ᠂ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠪᠠ ᠨᠠᠷᠡᠲᠦ ᠲᠡᠮᠳᠡᠭᠲᠦ ᠶᠢ ᠪᠦᠲᠦᠭᠡᠬᠦ᠂ ᠬᠥᠲᠥᠴᠢ ᠠᠵᠤ ᠠᠬᠤᠶᠢᠯᠠᠯ ᠨᠢ ᠳᠠᠶᠢᠴᠢᠯᠠᠬᠤ ︽ᠬᠠᠮ ᠠᠷᠭ᠎ᠠ︾᠎ ᠶᠢ ᠬᠡᠷᠡᠭᠯᠡᠨ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃    ᠱᠠᠨᠳᠦ᠋ᠩ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠮᠤᠵᠢ ᠶᠢᠨ ᠳᠠᠷᠤᠭ᠎ᠠ ᠽᠧᠩ ᠽᠠᠨ ᠷᠦᠩ ᠪᠣᠯᠣᠨ ᠳᠡᠳ᠋ ᠮᠤᠵᠢ ᠶᠢᠨ ᠳᠠᠷᠤᠭ᠎ᠠ ᠴᠧᠨ ᠫᠢᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1