ᠮᠣᠬᠤᠷ ᠭᠤᠤᠯ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ 2023 ᠣᠨ ᠤ ᠠᠵᠢᠯᠲᠠᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2023/10/20
    ᠣᠶᠢᠷ᠎ᠠ ᠳᠤ᠂ ᠮᠣᠬᠤᠷ ᠭᠤᠤᠯ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ 2023 ᠣᠨ ᠤ ᠠᠵᠢᠯᠲᠠᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠵᠦ᠂ ᠬᠠᠷᠢᠶ᠎ᠠ ᠣᠷᠣᠨ ᠤ ᠠᠵᠢᠯᠲᠠᠳ ᠤᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠠᠵᠢᠯᠲᠠᠳ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠠᠵᠢᠯᠲᠠᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠠᠯᠠᠭᠤᠨ ᠰᠡᠳᠬᠢᠯᠭᠡ ᠶᠢ ᠬᠥᠭᠵᠢᠭᠡᠨ᠂ ᠠᠵᠢᠯᠲᠠᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠠᠵᠢᠯᠲᠠᠳ ᠤᠨ ᠡᠷᠡᠭᠦᠯ ᠥᠭᠡᠳᠡᠷᠬᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠪᠦᠯᠬᠦᠮᠳᠡᠨ ᠬᠠᠮᠲᠤᠷᠠᠯᠴᠠᠬᠤ᠂ ᠡᠶ᠎ᠡ ᠵᠣᠬᠢᠴᠠᠯ ᠲᠠᠢ ᠨᠥᠬᠦᠷᠰᠡᠭ ᠪᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
1_副本.jpg
2_副本.jpg
3_副本.jpg
       ᠲᠣᠰ ᠤᠳᠠᠭᠠᠨ ᠤ ᠰᠣᠨᠢᠷᠬᠠᠯᠲᠤ ᠲᠠᠮᠢᠷ ᠤᠨ ᠴᠤᠭᠯᠠᠭᠠᠨ ᠳᠤ ᠳᠡᠭᠡᠰᠦ ᠲᠠᠲᠠᠬᠤ᠂ ᠳᠡᠭᠡᠰᠦ ᠦᠰᠦᠷᠬᠦ᠂ ᠲᠡᠪᠡᠭ ᠢᠰᠬᠦᠯᠬᠦ᠂ ᠤᠷᠠᠨ ᠮᠡᠷᠭᠡᠵᠢᠯ ᠢᠶᠠᠷ ᠪᠥᠮᠪᠦᠭᠡ ᠰᠠᠭᠰᠤᠯᠠᠬᠤ ᠵᠡᠷᠭᠡ ᠵᠦᠢᠯᠡᠰ ᠲᠣᠬᠢᠷᠠᠭᠤᠯᠵᠤ᠂ ᠬᠠᠷᠢᠶ᠎ᠠ ᠣᠷᠣᠨ ᠤ 90 ᠭᠠᠷᠤᠢ ᠠᠵᠢᠯᠲᠠᠨ ᠢ ᠤᠷᠤᠯᠳᠤᠭᠠᠨ ᠳᠤ ᠣᠷᠣᠯᠴᠠᠭᠤᠯᠵᠠᠢ᠃    ᠲᠣᠰ ᠤᠳᠠᠭᠠᠨ ᠤ ᠠᠵᠢᠯᠯᠠᠭ᠎ᠠ ᠨᠢ ᠠᠵᠢᠯᠲᠠᠳ ᠤᠨ ᠴᠤᠭ ᠵᠢᠪᠬᠤᠭ᠎ᠠ ᠲᠠᠢ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠠᠵᠢᠯᠲᠠᠳ ᠲᠤ ᠣᠷᠣᠯᠴᠠᠭᠰᠠᠨ ᠪᠠᠶᠠᠷ ᠪᠠᠭ᠋ᠠᠳᠤᠯ ᠪᠠ ᠢᠯᠠᠯᠲᠠ ᠣᠯᠣᠭᠰᠠᠨ ᠪᠠᠶᠠᠷ ᠪᠠᠭ᠋ᠠᠳᠤᠯ ᠢ ᠣᠯᠭᠤᠭᠰᠠᠨ ᠪᠠᠶᠢᠨ᠎ᠠ᠃ ᠬᠤᠶᠢᠰᠢᠳᠠ᠂ ᠮᠣᠬᠤᠷ ᠭᠤᠤᠯ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ᠣᠯᠠᠨ ᠶᠠᠩᠵᠤ ᠬᠡᠯᠪᠡᠷᠢ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠰᠦᠪᠡᠭᠴᠢᠯᠡᠨ ᠥᠷᠨᠢᠭᠦᠯᠵᠦ᠂ ᠠᠵᠢᠯᠲᠠᠳ ᠢ ᠨᠠᠩ ᠰᠠᠶᠢᠨ ᠳᠦᠷᠢ ᠲᠥᠷᠬᠦ ᠪᠠᠷ ᠡᠯ᠎ᠡ ᠵᠦᠢᠯ ᠤᠨ ᠠᠵᠢᠯ ᠳᠤ ᠢᠳᠡᠪᠬᠢᠯᠡᠨ ᠠᠵᠢᠯᠯᠠᠭᠤᠯᠵᠤ ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1