ᠥ᠋ ᠵᠢᠶᠠ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ᠠᠶᠤᠯ ᠥᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠮᠡᠳᠡᠯᠭᠡ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/10/20
   
1_副本.jpg
       ᠣᠶᠢᠷ᠎ᠠ ᠳᠤ᠂ ᠥ᠋ ᠵᠢᠶᠠ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ᠠᠶᠤᠯ ᠥᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ ᠶᠢᠨ ᠪᠣᠯᠪᠠᠰᠤᠷᠠᠯ ᠡᠷᠭᠢᠯᠡᠵᠦ᠂ ᠦᠢᠯᠡᠳᠪᠦᠷᠢᠯᠡᠯ ᠠᠮᠢᠳᠤᠷᠠᠯ ᠤᠨ ᠳᠤᠮᠳᠠ ᠨᠢᠭᠤᠭᠳᠠᠵᠤ ᠪᠠᠶᠢᠭ᠎ᠠ ᠠᠳᠡᠯ᠂ ᠬᠡᠷᠡᠭ ᠢ ᠰᠡᠷᠭᠡᠶᠢᠯᠡᠨ ᠬᠢᠵᠠᠭᠠᠷᠯᠠᠵᠤ᠂ ᠪᠠᠴᠢᠮ ᠪᠠᠶᠢᠳᠠᠯ ᠪᠠ ᠭᠡᠨᠡᠳᠲᠡ ᠶᠢᠨ ᠠᠳᠡᠯ᠂ ᠬᠡᠷᠡᠭ ᠠᠴᠠ ᠪᠣᠯᠬᠤ ᠬᠤᠣᠷ ᠬᠥᠨᠥᠭᠡᠯ ᠢ ᠪᠠᠭᠠᠰᠬᠠᠪᠠ᠃ ᠬᠠᠷᠢᠶ᠎ᠠ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ᠂ ᠬᠡᠦᠬᠡᠳ ᠤᠨ ᠴᠡᠴᠡᠷᠯᠢᠭ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠡᠶᠢᠲᠡ 20 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
2_副本.jpg
       ᠪᠣᠯᠪᠠᠰᠤᠷᠠᠯ ᠢ ᠣᠨᠣᠯ ᠤᠨ ᠮᠡᠳᠡᠯᠭᠡ ᠪᠠ ᠲᠤᠬᠠᠢ ᠶᠢᠨ ᠲᠠᠯᠠᠪᠤᠷ ᠎ ᠤᠨ ᠪᠣᠳᠠᠲᠠᠢ ᠠᠵᠢᠯᠯᠠᠭᠠᠨ ᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠠᠪᠤᠷᠠᠯᠳᠠ ᠶᠢᠨ ᠤᠬᠠᠭᠳᠠᠬᠤᠨ᠂ ᠵᠢᠷᠦᠬᠡ ᠠᠭᠤᠰᠬᠢᠨ ᠤ ᠰᠡᠷᠭᠦᠭᠡᠯᠲᠡ᠂ ᠰᠢᠷᠬ᠎ᠠ ᠶᠢᠨ ᠠᠪᠤᠷᠠᠯᠳᠠ ᠵᠡᠷᠭᠡ ᠮᠡᠳᠡᠯᠭᠡ ᠶᠢ ᠭᠤᠣᠯᠳᠠᠯᠭ᠎ᠠ ᠲᠠᠢ ᠵᠢᠭᠠᠪᠠ᠃
3_副本.jpg
       ᠲᠣᠰ ᠤᠳᠠᠭᠠᠨ ᠤ ᠣᠨᠣᠯ ᠪᠠ ᠪᠣᠳᠠᠲᠠᠢ ᠠᠵᠢᠯᠯᠠᠭᠠᠨ ᠤ ᠰᠤᠷᠤᠯᠴᠠᠯᠭ᠎ᠠ ᠪᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠰᠠᠭᠤᠷᠢ᠂ ᠪᠠᠴᠢᠮ ᠪᠠᠶᠢᠳᠠᠯ ᠢ ᠪᠦᠲᠦᠮᠵᠢᠲᠡᠶ ᠠᠷᠭᠠᠴᠠᠭᠠᠵᠤ ᠠᠪᠤᠷᠠᠬᠤ ᠮᠡᠳᠡᠯᠭᠡ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠣᠳᠠᠲᠤ ᠠᠵᠢᠯᠯᠠᠭᠠᠨ ᠤ ᠤᠷ᠎ᠠ ᠴᠢᠳᠠᠪᠤᠷᠢ ᠶᠢ ᠦᠨᠳᠦᠰᠦᠨ ᠳᠡᠭᠡᠨ ᠡᠵᠡᠮᠰᠢᠵᠦ ᠂ ᠰᠠᠨᠠᠭᠠᠨ ᠳᠤ ᠦᠭᠡᠢ ᠠᠳᠡᠯ ᠪᠠ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠲᠤ ᠠᠪᠤᠷᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1