ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2023/10/20
    10 ᠳ᠋ᠤᠭᠠᠷ ᠰᠠᠷ᠎ᠠ ᠶᠢᠨ 18᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠲᠣᠮᠢᠯᠠᠬᠤ ᠪᠠᠭᠤᠯᠭᠠᠬᠤ ᠲᠥᠯᠥᠭᠡᠯᠡᠭᠴᠢ ᠲᠠᠢ ᠬᠠᠷᠢᠯᠴᠠᠬᠤ ᠺᠣᠮᠢᠰ ᠤᠨ ᠡᠷᠬᠢᠯᠡᠭᠴᠢ ᠭᠡᠰᠢᠭᠦᠨ ᠢᠦᠢ ᠬᠦᠶ ᠸᠧᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠎ ᠢᠶᠠᠷ ᠲᠣᠭᠲᠠᠭᠠᠬᠤ ᠳᠦᠷᠢᠮ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠶᠦᠨ ᠳ᠋ᠦᠩ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠡᠰᠡᠭ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠶᠤᠸᠠᠨ ᠪᠦᠦ ᠱᠠᠨ ᠪᠠᠯᠭᠠᠰᠤᠨ ᠤ ᠱᠦᠢ ᠺᠧᠦ ᠶᠢᠨ ᠨᠤᠷᠠᠬᠤ ᠠᠶᠤᠯᠲᠠᠢ ᠬᠥᠭᠦᠷᠭᠡ ᠶᠢᠨ ᠥᠭᠡᠷᠡᠴᠢᠯᠡᠯᠲᠡ ᠂ ᠫᠢᠩᠵᠤᠸᠠᠩ ᠬᠤᠩᠱᠠᠨ ᠵᠠᠮ ᠤᠨ ᠤᠰᠤ ᠬᠠᠩᠭᠠᠬᠤ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠂ ᠪᠦᠦ ᠱᠠᠨ ᠨᠣᠮ ᠤᠨ ᠦᠷᠦᠭᠡ ᠵᠢᠴᠢ ᠨᠠᠰᠤᠲᠠᠶᠢᠴᠤᠳ ᠤᠨ ᠪᠡᠶ᠎ᠡ ᠲᠠᠮᠢᠷ ᠰᠣᠶᠣᠯ ᠤᠨ ᠪᠣᠯᠪᠠᠰᠤᠷᠠᠯ ᠤᠨ ᠰᠠᠭᠤᠷᠢᠨ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠤᠬᠠᠢ ᠶᠢᠨ  ᠲᠠᠯᠠᠪᠤᠷ ᠎ ᠲᠤ ᠬᠦᠷᠴᠦ ᠂ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠣᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ ᠃
2_副本.jpg
       ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠪᠣᠯᠣᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠷᠠᠯ ᠳᠤ ᠣᠷᠣᠯᠴᠠᠭᠰᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠪᠣᠯ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ ᠪᠣᠯᠣᠨ᠎ᠠ ᠃ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠰᠢᠢᠳᠪᠦᠷᠢᠲᠦ ᠪᠣᠳᠣᠯᠭ᠎ᠠ ᠶᠢ ᠠᠷᠠᠳᠴᠢᠯᠠᠬᠤ ᠂ ᠰᠢᠨᠵᠢᠯᠡᠬᠦ ᠤᠬᠠᠭᠠᠨᠴᠢᠯᠠᠬᠤ ᠂ ᠬᠠᠤᠯᠢᠵᠢᠭᠤᠯᠬᠤ ᠶᠢ ᠠᠬᠢᠭᠤᠯᠬᠤ ᠬᠡᠷᠡᠭᠲᠡᠢ ︔ ᠤᠯᠠᠨ ᠲᠦᠮᠡᠨ ᠪᠠ ᠲᠥᠯᠥᠭᠡᠯᠡᠭᠴᠢᠳ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ ᠂ ᠪᠢᠯᠧᠲ ᠥᠭᠬᠦ ᠂ ᠬᠢᠨᠠᠯᠲᠠ ᠲᠠᠯᠪᠢᠬᠤ ᠵᠡᠷᠭᠡ ᠪᠦᠬᠦ ᠶᠠᠪᠤᠴᠠ ᠳᠤ ᠡᠮᠬᠢ ᠵᠢᠷᠤᠮ ᠲᠠᠢ ᠪᠠᠷ ᠣᠷᠣᠯᠴᠠᠬᠤ ᠠᠷᠭ᠎ᠠ ᠵᠠᠮ ᠢ ᠥᠷᠭᠡᠳᠬᠡᠵᠦ ᠂ ᠠᠷᠠᠳ ᠤᠯᠠᠨ ᠢ ᠦᠨᠡᠨᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠰᠠᠨᠠᠭᠤᠯᠤᠭᠴᠢ ᠂ ᠰᠢᠢᠳᠪᠦᠷᠢᠲᠦ ᠪᠣᠳᠣᠯᠭ᠎ᠠ ᠲᠣᠭᠲᠠᠭᠠᠭᠴᠢ ᠂ ᠬᠢᠨᠠᠯᠲᠠ ᠲᠠᠯᠪᠢᠭᠴᠢ ᠪᠠ ᠠᠰᠢᠭ ᠬᠦᠷᠳᠡᠭᠴᠢ ᠪᠣᠯᠭᠠᠬᠤ ᠬᠡᠷᠡᠭᠲᠡᠢ ︔ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠳᠤᠲᠠᠭᠳᠠᠯ ᠢᠶᠠᠨ ᠲᠦᠷᠭᠡᠨ ᠨᠥᠬᠦᠪᠦᠷᠢᠯᠡᠵᠦ ᠂ ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1