ᠶᠤᠸᠠᠨ ᠪᠦᠦ ᠱᠠᠨ ᠲᠣᠭᠤᠷᠢᠭ 2023 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/10/20
    10 ᠰᠠᠷ᠎ᠠ ᠶᠢᠨ 18 ᠎ ᠤ ᠡᠳᠦᠷ ᠂ ᠶᠤᠸᠠᠨ ᠪᠦᠦ ᠱᠠᠨ ᠲᠣᠭᠤᠷᠢᠭ  2023 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ ᠂ ᠡᠯ᠎ᠡ ᠰᠢᠶᠠᠩ ᠪᠠᠯᠭᠠᠰᠤ ᠵᠡᠭᠡᠯᠢ ᠭᠤᠲᠤᠮᠵᠢ᠂ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ ᠂ ᠠᠷᠠᠳ ᠤᠨ ᠪᠦᠯᠬᠦᠮ ᠤᠨ ᠨᠠᠮ ᠤᠨ ᠵᠣᠬᠢᠶᠠᠨ ᠪᠠᠶᠢᠭᠤᠯᠤᠯᠲᠠ ᠵᠢᠴᠢ ᠡᠯ᠎ᠡ ᠲᠣᠰᠬᠤᠨ ︵ ᠨᠡᠶᠢᠭᠡᠮ ᠲᠣᠭᠤᠷᠢᠭ ︶᠎ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠠᠵᠢᠯᠲᠠᠳ ᠪᠣᠯᠪᠠᠰᠤᠷᠠᠯ ᠳᠤ ᠣᠷᠣᠯᠴᠠᠪᠠ ᠃
1_副本.jpg
       ᠪᠣᠯᠪᠠᠰᠤᠷᠠᠯ ᠤᠨ ᠠᠩᠭᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠪᠢᠶᠠᠨ ᠵᠢᠶᠠᠨ ᠫᠢᠩ᠂ ᠲᠣᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠠᠵᠢᠯᠲᠠᠨ ᠪᠣᠯᠣᠨ ᠲᠣᠭᠤᠷᠢᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠥᠯᠬᠦᠮ ᠤᠨ ᠯᠧᠺᠲ᠋ᠣᠷ ᠪᠣᠳᠠᠲᠤ ᠪᠠᠶᠢᠳᠠᠯ ᠳᠤ ᠣᠶᠢᠷᠠᠲᠤᠭᠰᠠᠨ᠂ ᠰᠤᠳᠠᠰᠤ ᠲᠣᠳᠣ᠂ ᠡᠯᠪᠡᠭ ᠪᠠᠶᠠᠯᠢᠭ ᠠᠭᠤᠯᠬᠤᠨ ᠲᠠᠢ ᠬᠡᠯᠪᠡᠷᠢ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯ ᠡᠭᠦᠷᠭᠡ ᠶᠢᠨ ᠲᠣᠭᠤᠷᠢᠨ ᠳᠤ ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠳᠤᠷᠠᠳᠤᠭᠰᠠᠨ ᠴᠠᠭ ᠦᠶ᠎ᠡ ᠶᠢᠨ ᠠᠬᠤᠢ ᠪᠠᠶᠢᠳᠠᠯ ᠪᠣᠯᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠲᠥᠰᠥᠪᠯᠡᠬᠦ ᠵᠡᠷᠭᠡ ᠲᠠᠯ᠎ᠠ ᠪᠠᠷ ᠨᠠᠷᠢᠨ ᠨᠢᠮᠪᠠᠢ ᠲᠠᠶᠢᠯᠪᠤᠷᠢᠯᠠᠨ ᠪᠣᠯᠪᠠᠰᠤᠷᠠᠯ ᠳᠤ ᠣᠷᠣᠯᠴᠠᠭᠰᠠᠳ ᠲᠤ ᠲᠤᠰᠬᠠᠢ ᠰᠡᠳᠦᠪ ᠢᠶᠠᠷ ᠬᠢᠴᠢᠶᠡᠯᠯᠡᠵᠦ᠂ ᠪᠥᠬᠦ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃
2_副本.jpg
       ᠲᠤᠰ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 1 ᠡᠳᠦᠷ ᠪᠣᠯᠣᠨ᠎ᠠ᠂ ᠪᠣᠯᠪᠠᠰᠤᠷᠠᠯ ᠢᠶᠠᠷ ᠳᠡᠮᠵᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠤᠬᠠᠭᠤᠯᠬᠤ ᠺᠠᠳ᠋ᠷ ᠤᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠠ ᠲᠥᠷᠥ ᠶᠢᠨ ᠪᠣᠳᠣᠯᠭ᠎ᠠ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠥᠬᠦ ᠲᠣᠭᠤᠷᠢᠭ ᠤᠨ ᠥᠷᠭᠡᠨ ᠣᠯᠠᠨ ᠺᠠᠳ᠋ᠷᠴᠤᠳ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠦᠨᠡᠨ ᠬᠦ ᠴᠢᠩᠭ᠎ᠠ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1