【ᠭᠤᠣᠯ ᠰᠡᠳᠦᠪᠲᠦ ᠬᠥᠮᠦᠵᠢᠯ】ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ  ︽ᠵᠢᠷᠭᠤᠭᠠᠨ ᠨᠢᠭᠡᠳᠦᠭᠡᠷ︾᠎ ᠢᠶᠠᠷ ᠭᠤᠣᠯ ᠰᠡᠳᠦᠪᠲᠦ ᠬᠥᠮᠦᠵᠢᠯ ᠢ ᠶᠠᠪᠤᠭᠳᠠᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/10/20
    ᠣᠶᠢᠷ᠎ᠠ ᠶᠢᠨ ᠡᠳᠦᠷ ᠤᠳ ᠲᠤ ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ︽ ᠦᠵᠡᠯ ᠰᠠᠨᠠᠭ᠎ᠠ ᠶᠢ ᠰᠤᠷᠤᠯᠴᠠᠬᠤ ᠂ ᠨᠠᠮᠴᠢ ᠴᠢᠨᠠᠷ ᠢ ᠴᠢᠩᠭᠠᠳᠬᠠᠬᠤ ᠂ ᠦᠢᠯᠡᠳᠦᠯᠭᠡ ᠶᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠶᠢᠭᠤᠯᠬᠤ ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ ᠂ ᠨᠠᠷᠢᠨ ᠨᠢᠮᠪᠠᠢ ᠲᠥᠯᠥᠪᠯᠡᠵᠦ ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ ᠂ ᠨᠠᠷᠢᠯᠢᠭ ᠲᠣᠬᠢᠷᠠᠭᠤᠯᠵᠤ ᠂ ᠴᠢᠩᠭ᠎ᠠ ᠨᠠᠶᠢᠳᠠᠪᠤᠷᠢᠵᠢᠭᠤᠯᠤᠨ᠂ ︽ ᠵᠢᠷᠭᠤᠭᠠᠨ ᠨᠢᠭᠡᠳᠦᠭᠡᠷ ︾ ᠎ ᠢᠶᠠᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠠᠶᠢᠨ᠎ᠠ᠃
1_副本.jpg
2_副本.jpg
       ᠨᠢᠭᠡᠳᠥᠭᠡᠷ ᠴᠠᠭ ᠮᠥᠴᠡ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭ᠎ᠠ ᠠᠪᠬᠤ ᠳᠤᠭᠤᠶᠢᠯᠠᠩ ᠪᠠᠶᠢᠭᠤᠯᠵᠤ᠂ ᠲᠥᠰᠥᠯ ᠲᠥᠯᠥᠪᠯᠡᠭᠡ ᠲᠣᠭᠲᠠᠭᠠᠨ᠂ ᠬᠠᠷᠠᠯᠲᠠ ᠡᠭᠦᠷᠭᠡ ᠬᠢᠭᠡᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠪᠠ︔ ᠨᠢᠭᠡᠳᠥᠭᠡᠷ ᠴᠠᠭ ᠮᠥᠴᠡ ᠳᠤ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ 1100 ᠭᠠᠷᠤᠢ ᠨᠠᠮ ᠤᠨ ᠭᠡᠰᠢᠭᠦᠨ ᠺᠠᠳ᠋ᠷ ᠢ ᠬᠠᠮᠤᠷᠤᠭᠰᠠᠨ ᠭᠤᠣᠯ ᠰᠡᠳᠦᠪᠲᠦ ᠬᠥᠮᠦᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ ᠂ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠵᠢᠴᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ ᠂ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠪᠠᠶᠢᠷᠢᠯᠠᠭᠤᠯᠪᠠ ︔ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠨᠢᠭᠡᠳᠥᠭᠡᠷ ᠴᠠᠭ ᠮᠥᠴᠡ ᠳᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠥᠰᠥᠯ᠂ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠥᠯᠥᠪᠯᠡᠭᠡ ᠶᠢᠨ ᠬᠦᠰᠦᠨᠦᠭᠲᠦ ᠵᠡᠷᠭᠡ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠤᠨ ᠳᠦᠷᠢᠮ ᠢ ᠲᠡᠷᠡ ᠳᠠᠷᠤᠢ ᠳᠤᠨᠢ ᠲᠣᠭᠲᠠᠭᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ ᠥᠭᠪᠡ ︔ ᠨᠢᠭᠡᠳᠥᠭᠡᠷ ᠴᠠᠭ ᠮᠥᠴᠡ ᠳᠤ᠂ ᠭᠤᠣᠯ ᠰᠡᠳᠦᠪᠲᠦ ᠬᠥᠮᠦᠵᠢᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ ᠂ ᠦᠨᠡᠨᠬᠦ ᠠᠳᠬᠤᠨ ᠪᠣᠳᠠᠲᠠᠢ ᠠᠵᠢᠯᠯᠠᠵᠤ ᠂ ᠭᠤᠣᠯ ᠰᠡᠳᠦᠪᠲᠦ ᠬᠥᠮᠦᠵᠢᠯ ᠤᠨ ᠡᠷᠴᠢᠮᠲᠡᠢ ᠡᠮᠬᠢ ᠵᠢᠷᠤᠮ ᠲᠠᠢ ᠪᠦᠲᠦᠮᠵᠢᠲᠡᠢ ᠶᠠᠪᠤᠭᠳᠠᠬᠤ ᠶᠢ ᠪᠠᠲᠤᠯᠠᠪᠠ︔ ᠨᠢᠭᠡᠳᠥᠭᠡᠷ ᠴᠠᠭ ᠮᠥᠴᠡ ᠳᠤ᠂ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠂ ᠤᠨᠤᠯ ᠰᠤᠷᠤᠯᠴᠠᠬᠤ ᠭᠤᠣᠯ ᠳᠤᠭᠤᠶᠢᠯᠠᠩ ︵ ᠥᠷᠭᠡᠳᠬᠡᠭᠰᠡᠨ ︶᠎ ᠤᠨ ᠰᠤᠷᠤᠯᠴᠠᠯᠭ᠎ᠠ ᠂ ᠲᠤᠰᠬᠠᠢ ᠰᠡᠳᠦᠪᠲᠦ ᠰᠤᠳᠤᠯᠤᠨ ᠶᠠᠷᠢᠯᠴᠠᠯᠭ᠎ᠠ᠂ ᠨᠠᠮ ᠤᠨ ᠬᠢᠴᠢᠶᠡᠯ ᠵᠡᠷᠭᠡ ᠪᠠᠷ ᠠᠴᠢᠶᠠᠯᠠᠪᠤᠷᠢ ᠪᠣᠯᠭᠠᠭᠰᠠᠨ ᠤᠨᠤᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ  ᠲᠠᠯᠪᠢᠪᠠ︔ ᠨᠢᠭᠡᠳᠥᠭᠡᠷ ᠴᠠᠭ ᠮᠥᠴᠡ ᠳᠤ᠂ ᠰᠤᠷᠭᠠᠨ ᠬᠥᠮᠦᠵᠢᠯ ᠤᠨ ᠬᠦᠷᠢᠶᠡᠨ ᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ ᠂ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠬᠤᠷᠢᠶᠠᠨ ᠤ 5 ᠤᠳᠤᠷᠢᠳᠬᠤ ᠪᠠᠭ ᠤᠨ ᠪᠦᠷᠢᠯᠳᠦᠭᠦᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠡᠭᠡᠨ ᠲᠤᠰ ᠲᠤᠰ ᠪᠠᠶᠢᠴᠠᠭᠠᠨ ᠰᠤᠳᠤᠯᠤᠯᠲᠠ ᠬᠢᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ ᠂ ᠠᠰᠠᠭᠤᠳᠠᠯ ᠳᠤ ᠴᠢᠭᠯᠡᠭᠦᠯᠦᠨ ᠥᠭᠡᠷᠡᠴᠢᠯᠡᠵᠦ ᠂ ᠰᠤᠷᠤᠯᠴᠠᠬᠤ ᠶᠢᠨ ᠳᠠᠭᠠᠤ ᠬᠠᠷᠢᠴᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃    ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ ᠂ ᠣᠶᠢᠯᠠᠭᠠᠬᠤ ᠢᠲᠡᠭᠡᠬᠦ ᠠᠵᠢᠯᠯᠠᠬᠤ ᠶᠢ ᠨᠢᠭᠡᠳᠬᠡᠬᠦ ᠶᠢ ᠪᠠᠷᠢᠮᠲᠠᠯᠠᠬᠤ ᠦᠨᠳᠦᠰᠦᠨ ᠡᠭᠦᠷᠭᠡ ᠶᠢ ᠭᠦᠨᠵᠡᠭᠡᠢ ᠡᠵᠡᠮᠰᠢᠵᠦ ᠂ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠵᠣᠷᠢᠭ ᠰᠠᠨᠠᠭ᠎ᠠ ᠪᠠᠷ ᠠᠵᠢᠯ ᠤᠨ ᠦᠢᠯᠡᠳᠦᠯᠭᠡ ᠶᠢ ᠵᠢᠯᠤᠭᠤᠳᠴᠤ ᠂ ᠠᠵᠢᠯ ᠤᠨ ᠦᠢᠯᠡᠳᠦᠯᠭᠡ ᠶᠢᠨ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ ᠂ ᠭᠤᠣᠯ ᠰᠡᠳᠦᠪᠲᠦ ᠬᠥᠮᠦᠵᠢᠯ ᠢ ᠰᠤᠷᠭᠠᠨ ᠬᠥᠮᠦᠵᠢᠯ ᠤᠨ ᠲᠥᠪ ᠤᠨ ᠠᠵᠢᠯ ᠲᠠᠢ ᠦᠨᠡᠨᠬᠦ ᠠᠭᠤᠰᠤᠯᠴᠠᠭᠤᠯᠵᠤ ᠂ ᠭᠤᠣᠯ ᠰᠡᠳᠦᠪᠲᠦ ᠬᠥᠮᠦᠵᠢᠯ ᠢ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠦᠢᠯᠡᠳᠦᠯᠭᠡᠵᠢᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1