ᠶᠤᠸᠠᠨ ᠪᠦᠦ ᠱᠠᠨ ᠲᠣᠭᠤᠷᠢᠭ 2023 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/14
    1_副本.jpg
       11 ᠰᠠᠷ᠎ᠠ ᠶᠢᠨ 9᠎ ᠤ ᠡᠳᠦᠷ᠂ ᠶᠤᠸᠠᠨ ᠪᠦᠦ ᠱᠠᠨ ᠲᠣᠭᠤᠷᠢᠭ 2023 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠬᠦ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ︔ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠬᠤᠷᠠᠯ ᠳᠤ ᠣᠷᠣᠯᠴᠠᠪᠠ ︔ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠶᠠᠨ ᠪᠥᠸᠧ 2023 ᠣᠨ ᠤ ᠶᠤᠸᠠᠨ ᠪᠦᠦ ᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ ︔ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠤ ᠬᠤᠷᠠᠯ ᠢ ᠡᠷᠬᠢᠯᠡᠪᠡ ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ  ᠹᠧᠩ ᠬᠤᠸᠠ ᠵᠢᠴᠢ ᠡᠯ᠎ᠡ ᠠᠷᠠᠳᠴᠢᠯᠠᠭᠰᠠᠨ ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠂ ᠰᠡᠬᠡᠭᠡᠲᠡᠨ ᠤ ᠬᠤᠯᠪᠣᠭ᠎ᠠ ᠂ ᠰᠢᠨ᠎ᠡ ᠬᠤᠯᠪᠤᠭᠠᠲᠤ ᠬᠤᠷᠠᠯ ᠤᠨ ᠬᠠᠷᠢᠭᠤᠴᠠᠯᠭᠠᠲᠠᠨ ᠨᠥᠬᠦᠳ ᠬᠠᠨᠳᠤᠯᠭᠠᠲᠤ ᠴᠢᠨᠠᠷᠲᠠᠢ ᠪᠠᠷ ᠰᠠᠨᠠᠯ ᠰᠠᠨᠠᠭᠤᠯᠭ᠎ᠠ ᠳᠤᠷᠠᠳᠪᠠ᠃ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ  ᠣᠷᠤᠯᠴᠠᠪᠠ᠃    ᠬᠤᠷᠠᠯ ᠠᠴᠠ ᠂ ᠵᠢᠯ ᠤᠨ ᠡᠬᠢᠨ ᠠᠴᠠ ᠨᠠᠭᠠᠰᠢ ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠠ ᠬᠥᠭᠵᠢᠯᠲᠡ ᠶᠢ ᠳᠡᠮᠵᠢᠬᠦ ᠶᠢ ᠪᠠᠷᠢᠮᠲᠠᠯᠠᠵᠤ ᠂ ᠪᠦᠬᠦ ᠲᠣᠭᠤᠷᠢᠭ ᠤᠨ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ ᠂ ᠲᠦᠷᠦᠯ ᠵᠦᠢᠯ ᠤᠨ ᠨᠥᠭᠡᠴᠡ ᠶᠢᠨ ᠶᠠᠰᠤ ᠴᠢᠨᠠᠷ ᠲᠠᠰᠤᠷᠠᠯᠳᠡ ᠦᠭᠡᠢ ᠳᠡᠭᠡᠭᠰᠢᠯᠡᠵᠦ ᠂ ᠬᠤᠳᠠ ᠶᠢᠨ ᠴᠢᠳᠠᠪᠬᠢ ᠲᠠᠰᠤᠷᠠᠯᠳᠡ ᠦᠭᠡᠢ ᠲᠡᠭᠦᠯᠳᠡᠷᠵᠢᠵᠦ ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠢ ᠪᠠᠲᠤᠯᠠᠵᠤ ᠂ ᠰᠠᠶᠢᠨ ᠦᠷ᠎ᠡ ᠪᠦᠲᠦᠮᠵᠢ ᠣᠯᠵᠠᠢ ᠂ ᠪᠦᠬᠦ ᠲᠣᠭᠤᠷᠢᠭ ᠎ ᠢᠶᠠᠷ  ᠢᠶᠠᠨ ᠦᠷᠭᠦᠯᠵᠢᠯᠡᠨ ᠨᠢᠭᠲᠠᠷᠠᠨ ᠪᠦᠯᠬᠦᠮᠳᠡᠵᠦ ᠂ ᠴᠢᠨᠠᠷ ᠰᠠᠶᠢᠲᠠᠢ ᠬᠥᠭᠵᠢᠯᠲᠡ ᠲᠡᠶᠢᠰᠢ ᠡᠷᠡᠰ ᠭᠤᠶᠢᠪᠢᠰᠢ ᠦᠭᠡᠢ ᠪᠠᠷ ᠲᠣᠮᠣ ᠠᠯᠬᠤᠮ ᠢᠶᠠᠷ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠂ ᠨᠢᠭᠡᠳᠦᠮᠡᠯ ᠹᠷᠣᠨᠲ ᠤᠨ ᠡᠯ᠎ᠡ ᠡᠲᠡᠭᠡᠳ ᠤᠨ ᠬᠥᠮᠥᠰ ᠬᠠᠷᠢᠯᠴᠠᠬᠤ ᠬᠡᠪᠴᠢᠶ᠎ᠡ ᠪᠠᠷ ᠥᠷᠭᠡᠨ ᠂ ᠨᠥᠯᠥᠭᠡᠯᠡᠬᠦ ᠬᠦᠴᠦᠨ ᠢᠶᠠᠷ ᠶᠡᠭᠡ ᠂ ᠪᠠᠭᠲᠠᠭᠠᠮᠵᠢᠲᠤ ᠴᠢᠨᠠᠷ ᠢᠶᠠᠷ ᠴᠢᠩᠭ᠎ᠠ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ ᠂ ᠲᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠲᠠᠶᠢᠴᠢᠯᠠᠵᠤ ᠂ ᠪᠦᠬᠦ ᠲᠣᠭᠤᠷᠢᠭ ᠤᠨ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠰᠠᠶᠢᠲᠤᠷ ᠠᠰᠢᠭᠯᠠᠵᠤ ᠂ ᠦᠨᠳᠦᠰᠦᠨ ᠱᠠᠲᠤᠨ ᠳᠤ ᠢᠯᠡᠭᠦᠬᠡᠨ ᠭᠦᠨᠵᠡᠭᠡᠶᠢᠷᠡᠵᠦ ᠂ ᠨᠢᠭᠡᠳᠦᠭᠡᠷ ᠹᠷᠣᠨᠲ ᠲᠤ ᠢᠯᠡᠭᠦᠬᠡᠨ ᠭᠦᠨᠵᠡᠭᠡᠶᠢᠷᠡᠵᠦ ᠂ ᠠᠵᠤ ᠠᠬᠤᠢ᠂ ᠨᠡᠶᠢᠭᠡᠮ ᠂ ᠠᠮᠢ ᠠᠬᠤᠢ ᠂ ᠠᠷᠠᠳ ᠤᠨ ᠠᠮᠢᠳᠤᠷᠠᠯ ᠂ ᠨᠠᠮ ᠤᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠵᠤ᠂ ᠨᠠᠮ ᠵᠠᠰᠠᠭ ᠤᠨ ᠠᠩᠬᠠᠷᠴᠤ ᠪᠠᠶᠢᠭ᠎ᠠ ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ ᠂ ᠬᠠᠨᠳᠤᠯᠭᠠᠲᠤ ᠴᠢᠨᠠᠷᠲᠠᠢ ᠪᠠᠷ ᠪᠠᠶᠢᠴᠠᠭᠠᠨ ᠰᠤᠳᠤᠯᠤᠯᠲᠠ ᠥᠷᠨᠢᠭᠦᠯᠵᠦ ᠂ ᠠᠳᠠᠯᠢ ᠪᠤᠰᠤ ᠬᠠᠷᠠᠭᠠᠰᠤ ᠰᠡᠳᠬᠢᠬᠦᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ  ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠬᠥᠮᠥᠨ ᠤ ᠬᠠᠷᠢᠴᠠᠭᠠᠨ ᠤ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ ᠂  ᠶᠤᠸᠠᠨ ᠪᠣᠥ ᠱᠠᠨ ᠢ ᠦᠷᠭᠦᠯᠵᠢᠯᠡᠨ ᠥᠷᠭᠡᠨ ᠢᠶᠠᠷ ᠤᠬᠠᠭᠤᠯᠤᠨ ᠲᠠᠨᠢᠯᠴᠠᠭᠤᠯᠵᠤ ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠵᠦ ᠂ ᠨᠡᠩ ᠤᠯᠠᠨ ᠠᠵᠤ ᠠᠬᠤᠶᠢᠯᠠᠯ ᠢ ᠲᠠᠲᠠᠵᠤ ᠶᠤᠸᠠᠨ ᠪᠤᠤ ᠱᠠᠨ ᠳᠤ ᠪᠡᠯᠡ ᠣᠷᠣᠭᠤᠯᠤᠨ ᠦᠢᠯᠡᠰ  ᠪᠣᠰᠬᠠᠯᠭᠠᠬᠤ ᠬᠡᠷᠡᠭᠲᠡᠢ ᠃ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠦᠵᠡᠯ ᠰᠠᠨᠠᠭ᠎ᠠ ᠣᠨᠣᠯ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠪᠠᠨ ᠪᠠᠬᠢᠵᠢᠭᠦᠯᠵᠦ᠂ ᠢᠮᠠᠭᠲᠠ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠎ ᠯᠤᠭ᠎ᠠ ᠴᠢᠭᠯᠡᠯ ᠢᠶᠠᠨ ᠨᠢᠭᠡᠳᠬᠡᠵᠦ᠂ ᠠᠯᠬᠤᠮ ᠢᠶᠠᠨ ᠨᠢᠭᠡᠳᠬᠡᠨ᠂ ᠠᠶᠢᠵᠠᠮ ᠨᠢᠭᠡᠲᠡᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠂ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠨᠢᠭᠡᠳᠦᠮᠡᠯ ᠹᠷᠣᠨᠲ ᠤᠨ ᠠᠵᠢᠯ ᠢ ᠳᠡᠮᠵᠢᠬᠦ ᠶᠢ ᠢᠮᠠᠭᠲᠠ ᠴᠢᠬᠤᠯᠠᠴᠢᠯᠠᠵᠤ ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨᠬᠦ ᠰᠠᠶᠢᠲᠤᠷ ᠬᠢᠨ᠎ᠡ ᠃ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠪᠥᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ᠂ ᠨᠠᠮ ᠤᠨ ᠭᠠᠳᠠᠨᠠᠬᠢ ᠬᠥᠮᠥᠰ ᠲᠤ ᠠᠵᠢᠯ ᠤᠨ ᠬᠥᠳᠡᠯᠦᠯ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ ᠶᠢ ᠤᠷᠢᠨ ᠥᠷᠨᠢᠭᠦᠯᠬᠦ ᠶᠢᠨ ᠬᠠᠮᠲᠤ᠂ ᠰᠠᠶᠢᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠢᠩᠭᠡᠬᠡᠨ ᠠᠪᠴᠤ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1