ᠶᠤᠸᠠᠨ ᠪᠦᠦ ᠱᠠᠨ ᠲᠣᠭᠤᠷᠢᠭ  ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ ᠢᠳᠡᠭᠡᠨ ᠤ ᠥᠩᠭᠡ ᠪᠣᠳᠤᠭ ᠢ ᠬᠤᠪᠢᠷᠠᠭᠤᠯᠬᠤ ᠳ᠋ᠧᠩ ᠢ ᠴᠢᠩᠭ᠎ᠠ ᠪᠠᠶᠢᠴᠠᠭᠠᠪᠠ
ᠨᠡᠶᠢᠲᠡᠯᠡᠭᠰᠡᠨ ᠴᠠᠭ᠄
2023/11/14
    ᠲᠦᠷᠦᠭᠦᠬᠡᠨ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠰᠢᠨ᠎ᠡ ᠰᠣᠷᠭᠤᠭ ᠢᠳᠡᠭᠡᠨ ᠤ ᠥᠩᠭᠡ ᠪᠣᠳᠤᠭ ᠢ ᠬᠤᠪᠢᠷᠠᠭᠤᠯᠬᠤ ᠳ᠋ᠧᠩ ᠤᠨ ᠲᠤᠰᠬᠠᠢ ᠪᠠᠶᠢᠴᠠᠭᠠᠯᠲᠠ ᠥᠷᠨᠢᠭᠦᠯᠪᠡ᠃    ︽ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢᠨ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︾᠎ ᠳᠤ ᠂ ᠲᠦᠭᠦᠬᠡᠢ ᠰᠢᠨ᠎ᠡ ᠰᠣᠷᠭᠤᠭ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠠᠭᠠᠨ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠦᠨᠡᠨ ᠪᠣᠳᠠᠲᠤ ᠥᠩᠭᠡ ᠪᠤᠳᠤᠭ ᠵᠡᠷᠭᠡ ᠰᠡᠷᠡᠯ ᠤᠨ ᠰᠢᠨᠵᠢ ᠪᠠᠶᠢᠳᠠᠯ ᠳᠤ ᠢᠯᠡᠳᠲᠡ ᠬᠤᠪᠢᠷᠠᠯᠲᠠ ᠭᠠᠷᠭᠠᠭᠰᠠᠨ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠬᠡᠷᠡᠭᠯᠡᠨ ᠬᠡᠷᠡᠭᠯᠡᠭᠴᠢᠳ ᠤᠨ ᠲᠠᠸᠠᠷ ᠎ ᠤᠨ ᠲᠤᠬᠠᠢ ᠰᠡᠷᠡᠯ ᠤᠨ ᠲᠠᠨᠢᠯᠲᠠ ᠶᠢ ᠪᠤᠷᠤᠭᠤ ᠲᠡᠶᠢᠰᠢ ᠬᠥᠲᠥᠯᠵᠦ ᠪᠣᠯᠬᠤ ᠦᠭᠡᠢ ᠭᠡᠵᠦ ᠲᠣᠭᠲᠠᠭᠠᠵᠠᠢ ᠃ ᠲᠣᠭᠲᠠᠭᠠᠯ ᠢ ᠬᠡᠷᠡᠭᠵᠢᠭᠦᠯᠬᠦ ᠠᠵᠢᠯ ᠢ ᠠᠬᠢᠭᠤᠯᠬᠤ ᠶᠢᠨ ᠲᠥᠯᠥᠭᠡ ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠶ᠎ᠠ ᠣᠷᠣᠨ ᠤ ᠪᠠᠨ ᠰᠢᠨ᠎ᠡ ᠰᠣᠷᠭᠤᠭ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠬᠢᠪᠡ ᠃ ᠲᠤᠬᠠᠢ ᠶᠢᠨ ᠲᠠᠯᠠᠪᠤᠷ ᠲᠤ ᠶᠠᠭ ᠬᠡᠷᠡᠭᠯᠡᠵᠦ ᠪᠠᠶᠢᠭ᠎ᠠ ᠭᠡᠷᠡᠯᠲᠦᠭᠦᠯᠭᠡ ᠶᠢᠨ ᠬᠡᠷᠡᠯ ᠡᠭᠦᠰᠬᠡᠭᠴᠢ ᠶᠢ ᠬᠢᠨᠠᠨ ᠬᠠᠷᠭᠤᠭᠤᠯᠵᠤ᠂ ᠬᠠᠤᠯᠢ ᠲᠣᠭᠲᠠᠭᠠᠯ ᠪᠠ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠢ ᠴᠠᠭ ᠲᠤᠬᠠᠢ ᠳᠤᠨᠢ ᠰᠣᠯᠢᠭᠤᠯᠵᠤ᠂ ᠬᠠᠤᠯᠢ ᠲᠣᠭᠲᠠᠭᠠᠯ ᠢ ᠬᠡᠷᠡᠭᠵᠢᠭᠦᠯᠬᠦ ᠠᠴᠠ ᠡᠮᠦᠨ᠎ᠡ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠬᠤᠯᠪᠣᠭᠳᠠᠯ ᠪᠦᠬᠦᠢ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ ᠳᠤ ᠲᠦᠭᠡᠮᠡᠯᠵᠢᠭᠦᠯᠬᠦ ᠬᠥᠮᠦᠵᠢᠯ ᠬᠢᠵᠦ᠂ ᠲᠡᠳᠡᠨ ᠢ ᠬᠠᠪᠰᠤᠷᠤᠨ ᠲᠣᠭᠲᠠᠭᠠᠯ ᠤᠨ ᠪᠣᠳᠠᠲᠠᠢ ᠬᠡᠷᠡᠭᠵᠢᠭᠦᠯᠬᠦ ᠱᠠᠭᠠᠷᠳᠠᠯᠭ᠎ᠠ ᠶᠢ ᠣᠶᠢᠯᠠᠭᠠᠭᠤᠯᠵᠤ᠂ ᠲᠡᠳᠡᠨ ᠢ ᠲᠣᠭᠲᠠᠭᠠᠯ ᠳᠤ ᠨᠡᠶᠢᠴᠡᠭᠰᠡᠨ ᠦᠢᠯᠡᠳᠬᠦᠨ ᠢ ᠰᠣᠯᠢᠨ ᠬᠡᠷᠡᠭᠯᠡᠵᠦ ᠳᠡᠶᠢᠯᠬᠦ ᠪᠣᠯᠭᠠᠪᠠ ᠃    ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ ᠪᠠᠶᠢᠨ᠎ᠠ᠃ ︽ᠠᠷᠭ᠎ᠠ︾᠎ ᠶᠢᠨ ᠲᠣᠭᠲᠠᠭᠠᠯ ᠳᠤ ᠨᠡᠶᠢᠴᠡᠬᠦ ᠦᠭᠡᠢ ᠭᠡᠷᠡᠯᠲᠦᠭᠦᠯᠭᠡ ᠶᠢᠨ ᠳ᠋ᠧᠩ ᠢ ᠬᠡᠷᠡᠭᠯᠡᠭᠰᠡᠨ ᠪᠠᠶᠢᠪᠠᠯ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠪᠠ ᠢᠳᠡᠭᠡᠨ ᠤ ᠠᠮᠤᠷ ᠲᠦᠪᠰᠢᠨ ᠢ ᠪᠠᠲᠤᠯᠠᠵᠤ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1