ᠶᠤᠸᠠᠨ ᠪᠦᠦ ᠱᠠᠨ ᠲᠣᠭᠤᠷᠢᠭ᠄ ᠠᠵᠢᠯ ᠤᠨ ᠰᠤᠷᠲᠠᠯ ᠢᠶᠠᠨ ᠬᠤᠪᠢᠷᠠᠭᠤᠯᠤᠨ ᠪᠣᠳᠠᠲᠠᠢ ᠠᠵᠢᠯᠯᠠᠬᠤ ᠶᠢ ᠡᠷᠬᠢᠮᠯᠡᠵᠦ ᠬᠢᠨᠠᠯᠲᠠ ᠬᠠᠮᠢᠶᠠᠷᠤᠯᠲᠠ ᠶᠢᠨ ︽ᠲᠡᠮᠦᠷ ᠴᠡᠷᠢᠭ︾᠎ ᠢ ᠪᠣᠶ ᠪᠣᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2023/11/14
    ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠤᠯᠤᠰ ᠲᠥᠷᠥ ᠶᠢ ᠡᠷᠬᠢᠮᠯᠡᠬᠦ᠂ ᠰᠤᠷᠤᠯᠴᠠᠯᠭ᠎ᠠ ᠶᠢ ᠡᠷᠬᠢᠮᠯᠡᠬᠦ᠂ ᠪᠣᠳᠠᠲᠠᠢ ᠠᠵᠢᠯᠯᠠᠬᠤ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ ᠶᠢ ᠡᠷᠬᠢᠮᠯᠡᠬᠦ︾ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ︽ᠲᠡᠮᠦᠷ ᠴᠡᠷᠢᠭ︾᠎ ᠢ ᠳᠠᠪᠲᠠᠨ ᠪᠣᠯᠪᠠᠰᠤᠷᠠᠭᠤᠯᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠲᠠᠯ᠎ᠠ ᠶᠢᠨ᠂ ᠭᠦᠨ ᠲᠠᠰ ᠳᠠᠪᠬᠤᠷᠭ᠎ᠠ ᠶᠢᠨ᠂ ᠥᠷᠭᠡᠨ ᠬᠡᠪᠴᠢᠶᠡᠨ ᠤ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠦᠵᠡᠯ ᠰᠠᠨᠠᠭᠠᠨ ᠤ ᠬᠥᠲᠥᠯᠥᠨ ᠵᠢᠯᠣᠭᠤᠳᠤᠯᠭ᠎ᠠ ᠶᠢ ᠲᠤᠪᠤᠶᠢᠯᠭᠠᠪᠠ ᠃ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠳᠠᠲᠠᠢ ᠠᠵᠢᠯ ᠤᠨ ᠲᠥᠯᠥᠪᠯᠡᠭᠡ ᠪᠠ ᠬᠡᠷᠡᠭᠵᠢᠭᠦᠯᠬᠦ ᠲᠥᠰᠥᠯ ᠢ ᠲᠣᠭᠲᠠᠭᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠵᠣᠬᠢᠴᠠᠭᠤᠯᠤᠨ ᠠᠬᠢᠭᠤᠯᠬᠤ ᠶᠢ ᠴᠢᠩᠭᠠᠳᠬᠠᠪᠠ᠃ ᠡᠳᠦᠷ ᠲᠤᠳᠤᠮ ᠤᠨ ᠰᠤᠷᠤᠯᠴᠠᠯᠭ᠎ᠠ ᠂ ᠨᠢᠭᠡᠳᠦᠭᠡᠷ ᠵᠥᠪᠯᠡᠬᠦ ᠵᠦᠢᠯ ᠤᠨ ᠳᠦᠷᠢᠮ ᠪᠣᠯᠣᠨ ᠰᠡᠷᠡᠮᠵᠢᠯᠡᠭᠦᠯᠬᠦ ᠬᠥᠮᠦᠵᠢᠯ ᠢ ᠤᠶᠠᠯᠳᠤᠭᠤᠯᠵᠤ ᠂ ᠰᠤᠷᠲᠠᠯ ᠤᠨ ᠪᠠᠶᠢᠭᠤᠯᠤᠯᠲᠠ ᠶᠢ ᠦᠨᠡᠨᠬᠦ ᠳᠡᠭᠡᠭᠰᠢᠯᠡᠭᠦᠯᠵᠦ ᠂ ᠬᠥᠮᠥᠰ ᠤᠨ ᠰᠡᠳᠬᠢᠯ ᠢ ᠨᠢᠭᠲᠠᠷᠠᠭᠤᠯᠵᠤ ᠂ ᠡᠷᠴᠢ ᠵᠣᠷᠢᠭ ᠢ ᠪᠠᠳᠠᠷᠠᠭᠤᠯᠵᠤ ᠂ ᠠᠵᠢᠯ ᠦᠢᠯᠡᠰ ᠢᠶᠠᠨ ᠰᠠᠶᠢᠲᠤᠷ ᠬᠢᠵᠦ ᠪᠠᠶᠢᠨ᠎ᠠ᠃    ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ ᠲᠤᠰᠬᠠᠢ ᠮᠡᠷᠭᠡᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠣᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠢᠳᠡᠭᠡᠨ ᠂ ᠡᠮ ᠤᠨ ᠵᠦᠢᠯ ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠵᠡᠷᠭᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ ᠂ ᠠᠷᠠᠳ ᠤᠨ ᠠᠮᠢᠳᠤᠷᠠᠯ ᠤᠨ ᠬᠦᠷᠢᠶᠡᠨ ᠤ ︽ ᠬᠠᠲᠠᠭᠤ ᠨᠢᠳᠤᠷᠭ᠎ᠠ ︾᠎ ᠶᠢᠨ ᠠᠵᠢᠯᠯᠠᠭ᠎ᠠ ᠳᠤᠮᠳᠠ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ ᠪᠠᠷ ᠬᠠᠤᠯᠢ ᠬᠡᠷᠡᠭᠵᠢᠭᠦᠯᠵᠦ ᠂ ᠠᠷᠠᠳ ᠤᠯᠠᠨ ᠤ ᠰᠡᠳᠬᠢᠯ ᠬᠠᠨᠤᠮᠵᠢᠲᠠᠶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠵᠤ ᠪᠠᠶᠢᠨ᠎ᠠ᠃    ᠠᠵᠢᠯ ᠤᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠠᠵᠢᠯ ᠤᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠠᠵᠤ ᠠᠬᠤᠶᠢᠯᠠᠯ ᠎ ᠤᠨ ᠨᠡᠭᠡᠭᠡᠨ ᠡᠷᠭᠢᠯᠡᠬᠦ᠂ ᠠᠵᠤ ᠠᠬᠤᠶᠢᠯᠠᠯ ᠎ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠥᠪᠡᠷ ᠢ ᠪᠠᠨ ᠵᠠᠯᠠᠷᠠᠭᠤᠯᠤᠨ ᠥᠪᠡᠷ ᠢ ᠪᠠᠨ ᠪᠠᠶᠢᠴᠠᠭᠠᠬᠤ ᠶᠢ ᠥᠷᠨᠢᠭᠦᠯᠵᠦ᠂ ︽ᠣᠳᠣᠬᠠᠨ ᠳᠤ ᠵᠠᠰᠠᠬᠤ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾᠎ ᠶᠢ ᠤᠶᠠᠯᠳᠤᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠰᠤᠷᠲᠠᠯ ᠤᠨ ᠬᠤᠪᠢᠷᠠᠭᠤᠯᠤᠯᠲᠠ ᠶᠢ ᠠᠬᠢᠭᠤᠯᠪᠠ︔ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠪᠣᠯᠭᠠᠵᠤ ᠂ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠬᠠᠤᠯᠢ ᠶᠣᠰᠣᠭᠠᠷ ᠰᠢᠢᠳᠪᠦᠷᠢᠯᠡᠵᠦ ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠰᠠᠬᠢᠯᠭ᠎ᠠ ᠪᠠᠲᠤ ᠶᠢ ᠴᠢᠩᠳᠠᠯᠠᠵᠤ ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠵᠤ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1