ᠶᠤᠸᠠᠨ ᠪᠦᠦ ᠱᠠᠨ ᠲᠣᠭᠤᠷᠢᠭ᠄ ︽ᠲᠠᠪᠤ ᠶᠢ ᠴᠢᠩᠭᠠᠳᠬᠠᠵᠤ︾ ᠲᠠᠸᠠᠷ ᠤᠨ ᠲᠡᠮᠳᠡᠭ ᠢ ᠵᠥᠢ ᠪᠣᠰᠤ ᠪᠠᠷ ᠳᠠᠩᠰᠠᠯᠠᠭᠤᠯᠬᠤ ᠳᠤ ᠴᠣᠬᠢᠯᠲᠠ ᠥᠭᠴᠦ ᠪᠠᠶᠢᠨ᠎ᠠ
ᠨᠡᠶᠢᠲᠡᠯᠡᠭᠰᠡᠨ ᠴᠠᠭ᠄
2023/11/14
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠠᠪᠤ ᠶᠢ ᠴᠢᠩᠭᠠᠳᠬᠠᠵᠤ︾ ᠲᠠᠸᠠᠷ ᠤᠨ ᠲᠡᠮᠳᠡᠭ ᠢ ᠵᠥᠢ ᠪᠣᠰᠤ ᠪᠠᠷ ᠳᠠᠩᠰᠠᠯᠠᠭᠤᠯᠬᠤ ᠪᠠ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠪᠡ᠃    ᠨᠢᠭᠡ ᠳᠤ ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ ᠂ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠬᠡᠪᠡ᠃ ᠴᠢᠩᠭ᠎ᠠ ᠴᠣᠬᠢᠯᠲᠠ ᠥᠭᠬᠦ ᠪᠠ ᠡᠬᠢ ᠡᠭᠦᠰᠦᠯ ᠠᠴᠠ ᠨᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠬᠦᠨᠳᠦ ᠨᠣᠴᠢᠲᠠᠢ ᠵᠥᠷᠢᠴᠡᠭᠰᠡᠨ ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠂ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠ ᠲᠤᠰᠬᠠᠢ ᠠᠰᠢᠭ ᠭᠤᠶᠤᠴᠢᠯᠠᠬᠤ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠵᠤ ᠨᠡᠶᠢᠭᠡᠮ ᠤᠨ ᠮᠠᠭᠤ ᠨᠥᠯᠥᠭᠡ ᠶᠢ ᠲᠤᠶᠢᠯ ᠤᠨ ᠠᠮᠠᠷᠬᠠᠨ ᠪᠤᠢ  ᠪᠣᠯᠭᠠᠭᠰᠠᠨ ᠨᠢᠭᠡ ᠪᠦᠯᠦᠭ ᠨᠡᠶᠢᠲᠡᠯᠢᠭ ᠬᠡᠷᠡᠭ ᠢ ᠡᠷᠡᠰ ᠪᠠᠶᠢᠴᠠᠭᠠᠨ ᠰᠢᠢᠳᠪᠥᠷᠢᠯᠡᠪᠡ᠃    ᠬᠤᠶᠠᠷ ᠲᠤ ᠂ ᠣᠷᠣᠯᠠᠨ ᠭᠦᠢᠴᠡᠳᠬᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠵᠢᠯᠣᠭᠤᠳᠪᠠ᠃ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠨᠠᠭᠤᠯᠤᠨ ᠶᠠᠷᠢᠯᠴᠠᠬᠤ᠂ ᠪᠣᠯᠵᠣᠨ ᠶᠠᠷᠢᠯᠴᠠᠵᠤ ᠴᠡᠭᠴᠡᠯᠡᠨ ᠰᠠᠶᠢᠵᠢᠷᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠡᠷᠡᠰ ᠲᠤ ᠵᠢᠭᠰᠠᠭᠠᠨ ᠣᠷᠣᠭᠤᠯᠬᠤ᠂ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠸᠠᠷ ᠤᠨ ᠲᠡᠮᠳᠡᠭ ᠢ ᠵᠥᠢ ᠪᠣᠰᠤ ᠪᠠᠷ ᠳᠠᠩᠰᠠᠯᠠᠭᠤᠯᠬᠤ ᠪᠠ ᠬᠡᠪ ᠤᠨ ᠪᠤᠰᠤ ᠲᠤᠰᠬᠠᠢ ᠠᠰᠢᠭ ᠤᠨ ᠬᠠᠤᠯᠢ ᠠᠴᠠ ᠵᠥᠷᠢᠴᠡᠨ ᠣᠷᠣᠯᠠᠨ ᠭᠦᠢᠴᠡᠳᠬᠡᠬᠦ ᠦᠶᠯᠡ ᠠᠵᠢᠯᠯᠠᠭ᠎ᠠ ᠳᠤ ᠴᠣᠬᠢᠯᠲᠠ ᠥᠭᠪᠡ ᠃    ᠭᠤᠷᠪᠠ ᠳᠤ ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠠᠬᠢᠭᠤᠯᠪᠠ᠃ ᠲᠠᠸᠠᠷ ᠤᠨ ᠲᠡᠮᠳᠡᠭ ᠪᠠ ᠲᠤᠰᠬᠠᠢ ᠠᠰᠢᠭ ᠤᠨ ᠣᠷᠣᠯᠠᠭᠴᠢ ᠶᠢᠨ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢᠨ ᠠᠵᠢᠯ ᠤᠨ ᠵᠢᠯᠣᠭᠤᠳᠤᠯᠭ᠎ᠠ ᠶᠢ ᠴᠢᠩᠭ᠎ᠠ ᠵᠢᠷᠤᠮᠯᠠᠨ ᠭᠤᠣᠯᠳᠠᠯᠭ᠎ᠠ ᠲᠠᠢ ᠪᠠᠶᠢᠴᠠᠭᠠᠯᠲᠠ ᠶᠢ ᠥᠷᠨᠢᠭᠦᠯᠵᠦ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠢᠳᠡᠪᠬᠢᠲᠡᠢ ᠬᠡᠷᠡᠭᠯᠡᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢ ᠴᠢᠩᠭ᠎ᠠ ᠬᠠᠮᠢᠶᠠᠷᠪᠠ᠃    ᠳᠥᠷᠪᠡ ᠳᠤ ᠂ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ ᠂ ᠮᠡᠳᠡᠭᠡ ᠵᠠᠩᠭᠢ ᠶᠢᠨ ᠰᠣᠯᠢᠯᠴᠠᠭ᠎ᠠ ᠶᠢ ᠰᠢᠯᠤᠭᠤᠳᠬᠠᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ ᠰᠣᠯᠢᠯᠴᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠢᠲᠡᠭᠡᠮᠵᠢ ᠶᠢ ᠦᠨᠡᠯᠡᠬᠦ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠬᠦᠨᠳᠦᠷᠡᠭᠦᠯᠦᠨ ᠰᠢᠳᠬᠡᠬᠦ ᠡᠷᠴᠢᠮ᠂ ᠰᠠᠯᠠᠭ᠎ᠠ ᠮᠥᠴᠢᠷ ᠠᠯᠤᠰᠯᠠᠨ ᠬᠠᠤᠯᠢ ᠬᠡᠷᠡᠭᠵᠢᠭᠦᠯᠦᠨ ᠬᠠᠮᠵᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠸᠠᠷ ᠤᠨ ᠲᠡᠮᠳᠡᠭ ᠢ ᠵᠦᠢ ᠪᠣᠰᠤ ᠪᠠᠷ ᠳᠠᠩᠰᠠᠯᠠᠭᠤᠯᠬᠤ ᠪᠠ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ  ᠴᠢᠩᠭᠠᠷᠠᠭᠤᠯᠪᠠ᠃    ᠲᠠᠪᠤ ᠳᠤ ᠂ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠵᠤ ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠬᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠎ ᠠᠴᠠ ᠪᠠᠨ ᠥᠪᠡᠷ ᠢ ᠪᠠᠨ ᠪᠠᠶᠢᠴᠠᠭᠠᠨ ᠥᠪᠡᠷ ᠢ ᠪᠠᠨ  ᠵᠠᠯᠠᠷᠠᠭᠤᠯᠤᠭᠤᠯᠵᠤ᠂ ᠲᠠᠸᠠᠷ ᠤᠨ ᠲᠡᠮᠳᠡᠭ ᠢ ᠵᠥᠢ ᠪᠣᠰᠤ ᠪᠠᠷ ᠳᠠᠩᠰᠠᠯᠠᠭᠤᠯᠬᠤ ᠪᠠ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠦᠶᠯᠡ ᠠᠵᠢᠯᠯᠠᠭ᠎ᠠ ᠳᠤ  ᠪᠠᠶᠢᠩᠭᠤᠵᠢᠭᠰᠠᠨ ᠴᠣᠬᠢᠯᠲᠠ ᠥᠭᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠣᠯᠭᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1