ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2023/11/15
   
1_副本.jpg
       ᠣᠶᠢᠷ᠎ᠠ ᠳᠤ᠂ ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠭᠡᠰᠢᠭᠦᠳ ᠲᠤᠰᠬᠠᠢ ᠰᠡᠳᠦᠪᠲᠦ ᠰᠤᠷᠤᠯᠴᠠᠯᠭ᠎ᠠ ᠳᠤ ᠣᠷᠣᠯᠴᠠᠵᠠᠢ᠃    ᠬᠤᠷᠠᠯ ᠳᠡᠭᠡᠷ᠎ᠡ᠂ ᠲᠤᠰ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠵᠤ᠂ ᠰᠢᠨ᠎ᠡ ᠴᠠᠭ ᠦᠶ᠎ᠡ ᠶᠢᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠬᠥᠭᠵᠢᠯᠲᠡ ᠶᠢᠨ ᠲᠡᠦᠬᠡ ᠂ ᠥᠩᠭᠡᠷᠡᠭᠰᠡᠨ ᠲᠠᠪᠤᠨ ᠵᠢᠯ ᠤᠨ ᠣᠯᠣᠭᠰᠠᠨ ᠠᠮᠵᠢᠯᠲᠠ ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠭᠤᠣᠯ ᠰᠡᠳᠦᠪ ᠪᠣᠯᠣᠨ ᠬᠠᠷᠠᠯᠲᠠ ᠶᠢ ᠡᠷᠭᠢᠴᠡᠭᠦᠯᠬᠦ ᠶᠢᠨ ᠬᠠᠮᠲᠤ ᠂ ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠠᠵᠢᠯᠲᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠥᠲᠥᠯᠥᠨ ᠳᠠᠭᠠᠭᠤᠯᠵᠠᠢ ᠃    ᠬᠤᠷᠠᠯ ᠠᠴᠠ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ︽ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ︾ ᠎ ᠶᠢ ᠵᠡᠷᠭᠡᠪᠡᠷ ᠶᠠᠪᠤᠭᠳᠠᠭᠤᠯᠬᠤ ᠠᠷᠭ᠎ᠠ ᠶᠢ ᠠᠪᠴᠤ ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠤᠶᠢᠰᠢᠳᠠ ᠶᠢᠨ ᠰᠤᠷᠤᠯᠴᠠᠯᠭ᠎ᠠ ᠶᠢᠨ ᠴᠢᠬᠤᠯᠠ ᠡᠭᠦᠷᠭᠡ ᠪᠣᠯᠭᠠᠵᠤ ᠂ ᠴᠠᠭ ᠲᠤᠬᠠᠢ ᠳᠤᠨᠢ ᠲᠠᠭᠠᠨ ᠰᠤᠷᠤᠯᠴᠠᠨ ᠤᠬᠠᠭᠤᠯᠵᠤ ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ ᠂ ᠰᠠᠶᠢᠲᠤᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠂ ᠪᠦᠬᠦ ᠺᠠᠳ᠋ᠷ ᠠᠵᠢᠯᠲᠠᠳ ᠰᠢᠨ᠎ᠡ ᠪᠠᠶᠢᠳᠠᠯ ᠳᠣᠣᠷᠠᠬᠢ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ ᠂  ᠠᠵᠢᠯᠲᠠᠳ ᠲᠤ ᠦᠢᠯᠡᠴᠢᠯᠡᠬᠦ ᠪᠠ ᠠᠵᠤ ᠠᠬᠤᠶᠢᠯᠠᠯ ᠳᠤ ᠬᠦᠴᠦᠨ ᠨᠡᠮᠡᠷᠢᠯᠡᠬᠦ ᠪᠠᠷ ᠭᠤᠣᠯ ᠪᠣᠯᠭᠠᠵᠤ ᠂ ᠦᠢᠯᠡᠴᠢᠯᠡᠭᠡᠨ ᠤ ᠠᠭᠤᠯᠭ᠎ᠠ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠂ ᠠᠵᠢᠯᠲᠠᠳ ᠲᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠱᠠᠭᠠᠷᠳᠠᠪᠠ ᠃    ᠬᠤᠷᠠᠯ ᠤᠨ ᠳᠠᠷᠠᠭ᠎ᠠ᠂ ᠰᠢ ᠯᠦ ᠲᠢᠶᠠᠨ ᠵᠡᠭᠡᠯᠢ ᠭᠤᠳᠤᠮᠵᠢ ᠶᠢᠨ ᠠᠵᠢᠯᠴᠢᠨ ᠤ ᠶᠡᠷᠦᠩᠬᠡᠢ ᠡᠪᠯᠡᠯ ᠪᠠᠰᠠ ᠪᠦᠬᠦ ᠭᠡᠰᠢᠭᠦᠳ ᠢᠶᠠᠨ ᠵᠣᠬᠢᠶᠠᠨ ᠪᠠᠶᠢᠭᠤᠯᠤᠨ ᠪᠠᠷᠠᠭᠤᠨ ᠵᠠᠳᠠᠭᠠᠢ ᠠᠭᠤᠷᠬᠠᠢ ᠶᠢᠨ ᠲᠡᠦᠬᠡ ᠶᠢᠨ ᠣᠷᠳᠣᠨ ᠢ ᠲᠣᠭᠤᠷᠢᠨ ᠦᠵᠡᠵᠦ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠲᠤᠬᠠᠢ ᠶᠢᠨ ᠭᠠᠵᠠᠷ ᠲᠤᠨᠢ ᠰᠣᠨᠤᠰᠴᠤ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠡᠶ᠎ᠡ ᠪᠠᠷ ᠢᠶᠠᠨ ᠮᠡᠳᠡᠷᠡᠵᠦ ᠂ ᠳᠡᠷᠭᠡᠳᠡᠬᠢ ᠬᠥᠮᠥᠨ ᠂ ᠳᠡᠷᠭᠡᠳᠡᠬᠢ ᠶᠠᠪᠤᠳᠠᠯ ᠢᠶᠠᠷ ᠳᠠᠮᠵᠢᠭᠤᠯᠤᠨ ᠬᠥᠳᠡᠯᠮᠦᠷᠢ ᠶᠢᠨ ᠵᠢᠱᠢᠶᠡᠴᠢ ᠶᠢᠨ ᠤᠷᠠᠨ ᠲᠠᠷᠬᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠪᠣᠳᠠᠲᠠᠢ ᠭᠠᠵᠠᠷ ᠲᠤ ᠨᠠᠶᠢᠳᠠᠪᠤᠷᠢᠵᠢᠭᠤᠯᠤᠨ ᠂ ᠰᠢ ᠯᠦ ᠲᠢᠶᠠᠨ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1