ᠵᠠᠩ ᡁᠢ ᠸᠧᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/15
    11 ᠰᠠᠷ᠎ᠠ ᠶᠢᠨ 7 ᠎ ᠤ ᠡᠳᠦᠷ ᠠᠴᠠ 9 ᠎ ᠤ ᠡᠳᠦᠷ ᠪᠣᠯᠲᠠᠯ᠎ᠠ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ ᠃    ᠪᠡᠭᠡᠵᠢᠩ ᠤᠨ ᠭᠤᠸᠠᠨ ᠱᠢ ᠺᠥᠩ ᠵᠢᠶᠠᠨ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠵᠦᠩ ᠺᠧ ᠪᠸᠢ ᠳ᠋ᠸᠥ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠎ ᠬᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠂ ᠦᠢᠯᠡᠳᠬᠦᠨ ᠤ ᠦᠵᠡᠭᠦᠯᠦᠯᠭᠡ ᠶᠢᠨ ᠲᠢᠩᠬᠢᠮ ᠵᠡᠷᠭᠡ ᠶᠢ ᠠᠬᠤᠢ ᠲᠠᠯᠠᠪᠤᠷ ᠲᠤ ᠨᠢ ᠲᠣᠭᠤᠷᠢᠨ ᠦᠵᠡᠵᠦ ᠂ ᠳᠣᠬᠢᠭᠤᠷ ᠲᠤᠯᠤᠭᠠᠨ ᠤᠳᠤ ᠳᠠᠭᠠᠭᠤᠯᠢ ᠤᠳᠤᠨ ᠤ ᠰᠢᠯᠵᠢᠮᠡᠯ ᠮᠡᠳᠡᠭᠡ ᠬᠤᠯᠪᠣᠭᠠᠨ ᠤ ᠲᠣᠨᠤᠭ ᠤᠨ ᠦᠢᠯᠡᠳᠬᠦ ᠲᠦᠷᠦᠯ ᠵᠦᠢᠯ ᠤᠨ ᠲᠤᠬᠠᠢ ᠭᠦᠨᠵᠡᠭᠡᠢ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ ᠂ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠂ ᠠᠷᠠᠯᠵᠢᠶᠠᠴᠢᠨ ᠤᠷᠢᠬᠤ ᠲᠦᠷᠦ ᠶᠢᠨ ᠪᠣᠳᠣᠯᠭ᠎ᠠ ᠵᠢᠴᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠦᠬᠦ ᠲᠠᠯ᠎ᠠ ᠪᠠᠷ ᠲᠠᠨᠢᠯᠴᠠᠭᠤᠯᠤᠭᠰᠠᠨ ᠤ ᠬᠠᠮᠲᠤ᠂ ᠠᠵᠤ ᠠᠬᠤᠶᠢᠯᠠᠯ ᠢ ᠶᠤᠸᠠᠨ ᠪᠦᠦ ᠱᠠᠨ ᠲᠣᠭᠤᠷᠢᠭ ᠲᠤ ᠬᠦᠷᠴᠦ ᠴᠢᠨᠠᠭᠰᠢᠳᠠ ᠭᠦᠨᠵᠡᠭᠡᠢ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠣᠳᠠᠲᠠᠢ ᠶᠠᠪᠤᠳᠠᠯ ᠢ ᠠᠬᠢᠭᠤᠯᠬᠤ ᠪᠠᠷ ᠴᠢᠩ ᠰᠡᠳᠬᠢᠯ ᠠᠴᠠ ᠪᠠᠨ ᠤᠷᠢᠵᠠᠢ᠃
1_副本.jpg
       ᠪᠡᠭᠡᠵᠢᠩ ᠤᠨ ᠵᠦᠩ ᠨᠥᠩ ᠶᠢᠨ ᠲᠧᠩ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠯᠤᠰ ᠤᠨ ᠬᠤᠶᠠᠳᠤᠭᠠᠷ ᠲᠦᠷᠦᠯ ᠤᠨ ᠮᠠᠯ ᠤᠨ ᠡᠮ ᠤᠨ ᠰᠢᠨ᠎ᠡ ᠨᠠᠶᠢᠷᠠᠯᠲᠠ ᠶᠢᠨ ᠲᠦᠷᠦᠯ ᠵᠦᠢᠯ ᠤᠨ ᠲᠤᠬᠠᠢ ᠶᠠᠷᠢᠯᠴᠠᠨ ᠰᠣᠯᠢᠯᠴᠠᠪᠠ ᠃ ᠵᠠᠩ ᡁᠢ ᠸᠧᠢ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ ᠶᠤᠸᠠᠨ ᠪᠦᠦ ᠱᠠᠨ ᠲᠣᠭᠤᠷᠢᠭ ᠤᠨ ᠭᠤᠣᠯᠳᠠᠯᠭ᠎ᠠ ᠲᠠᠢ ᠬᠥᠭᠵᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠨᠢᠭᠡ ᠮᠥᠨ᠂ ᠶᠤᠸᠠᠨ ᠪᠦᠦ ᠱᠠᠨ ᠲᠣᠭᠤᠷᠢᠭ ᠨᠢ ᠰᠢᠨ᠎ᠡ ᠡᠮ ᠰᠤᠳᠤᠯᠤᠨ ᠨᠡᠭᠡᠭᠡᠬᠦ᠂ ᠲᠦᠭᠦᠬᠡᠢ ᠮᠠᠲ᠋ᠧᠷᠢᠶᠠᠯ ᠤᠨ ᠡᠮ ᠦᠢᠯᠡᠳᠪᠦᠷᠢᠯᠡᠬᠦ ᠵᠢᠴᠢ ᠡᠮ ᠡᠮᠨᠡᠯᠭᠡ ᠶᠢᠨ ᠵᠠᠪᠰᠠᠷ ᠤᠨ ᠴᠣᠭᠴᠠ ᠵᠡᠷᠭᠡ ᠲᠥᠷᠥᠯ ᠵᠦᠢᠯ ᠤᠨ ᠲᠣᠭᠤᠷᠢᠨ ᠳᠤ ᠠᠵᠤ ᠦᠢᠯᠡᠰ ᠤᠨ ᠪᠥᠭᠡᠮᠨᠡᠷᠡᠯ ᠢ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠳᠡᠭᠡᠳᠦ ᠲᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠴᠣᠭᠴᠠᠯᠠᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠠᠯᠤᠰ ᠢᠷᠡᠭᠡᠳᠦᠢ ᠥᠷᠭᠡᠨ ᠠᠭᠤᠳᠠᠮ ᠂ ᠳᠠᠯᠳᠠ ᠬᠦᠴᠦᠨ ᠯᠤᠲᠤ ᠶᠡᠭᠡ ᠪᠠᠶᠢᠨ᠎ᠠ ᠂ ᠳᠠᠷᠠᠭᠠᠴᠢ ᠶᠢᠨ ᠠᠯᠬᠤᠮ ᠳᠤ ᠪᠣᠳᠠᠲᠠᠢ ᠭᠠᠵᠠᠷ ᠲᠤᠨᠢ ᠭᠦᠨᠵᠡᠭᠡᠢ ᠰᠢᠨᠵᠢᠯᠡᠨ ᠪᠠᠶᠢᠴᠠᠭᠠᠵᠤ ᠂ ᠲᠦᠷᠦᠯ ᠵᠦᠢᠯ ᠤᠨ ᠲᠦᠷᠭᠡᠨ ᠭᠡᠷ᠎ᠡ ᠲᠣᠭᠲᠠᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃
2_副本.jpg
3_副本.jpg
       11 ᠰᠠᠷ᠎ᠠ ᠶᠢᠨ 9᠎ ᠤ ᠡᠳᠦᠷ᠂ ᠵᠠᠩ ᡁᠢ ᠸᠧᠢ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠭᠦᠸᠧ ᠬᠤᠸᠠ ᠳᠤ ᠪᠠᠷ᠎ᠠ ᠪᠣᠯᠵᠤ ᠳᠤᠮᠳᠠᠳᠤ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ᠂ ᠬᠤᠶᠠᠷ ᠲᠠᠯ᠎ᠠ ᠪᠠᠷ ᠢᠶᠠᠨ ᠠᠮᠤ ᠪᠤᠳᠠᠭᠠᠨ ᠤ ᠬᠥᠮᠥᠷᠭᠡᠯᠡᠯᠲᠡ ᠡᠳ᠋ ᠪᠠᠷᠠᠭᠠᠨ ᠤ ᠭᠦᠢᠯᠭᠡᠭᠡᠨ ᠤ ᠵᠦᠢᠯᠡᠰ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠠᠩᠬ᠎ᠠ ᠠᠯᠬᠤᠮ ᠬᠠᠮᠲᠤᠷᠠᠯᠴᠠᠬᠤ ᠰᠠᠨᠠᠯ ᠨᠢᠭᠡᠳᠪᠡ᠃
4_副本.jpg
       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠥᠢᠯᠭᠡᠭᠡ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1