ᠵᠠᠩ ᡁᠢ ᠸᠧᠢ ᠪᠥᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/15
    
1_副本.jpg
       11 ᠳ᠋ᠤᠭᠡᠷ ᠰᠠᠷ᠎ᠠ ᠶᠢᠨ 11᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠪᠥᠬᠦ ᠲᠣᠭᠤᠷᠢᠭ ᠤᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠢ ᠶᠢᠨ ᠠᠵᠢᠯᠯᠠᠭᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ 10 ᠵᠦᠢᠯ ᠤᠨ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠭᠤᠲᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    ᠬᠤᠷᠠᠯ ᠠᠴᠠ ᠂ ᠠᠵᠤ ᠠᠬᠤᠢ ᠶᠢᠨ ᠠᠵᠢᠯᠯᠠᠭᠠᠨ ᠳᠤ ᠵᠠᠳᠠᠯᠤᠯᠲᠠ ᠬᠢᠵᠦ ᠠᠬᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠤᠯᠠᠨ ᠲᠠᠯ᠎ᠠ ᠠᠴᠠ ᠬᠦᠴᠦᠯᠡᠵᠦ ᠂ ᠬᠠᠷᠠᠯᠲᠠ ᠪᠠᠨ ᠪᠠᠲᠤᠳᠬᠠᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠵᠤ ᠠᠬᠤᠶᠢᠯᠠᠯ ᠤᠨ ᠦᠢᠯᠡᠳᠪᠦᠷᠢᠯᠡᠯ ᠂ ᠵᠠᠬ᠎ᠠ ᠳᠡᠯᠭᠡᠭᠦᠷ ᠤᠨ ᠬᠡᠷᠡᠭᠯᠡᠭᠡ ᠵᠡᠷᠭᠡ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠃ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ ᠂ ᠬᠦᠴᠦᠲᠡᠢ ᠠᠷᠭ᠎ᠠ ᠬᠡᠮᠵᠢᠶ᠎ᠡ ᠠᠪᠴᠤ ᠂ ᠡᠵᠡᠩᠨᠡᠯᠲᠡ ᠶᠢᠨ ᠣᠷᠴᠢᠨ ᠲᠣᠭᠤᠷᠢᠨ ᠤ ︽ ᠬᠠᠲᠠᠭᠤ ᠰᠠᠭᠤᠷᠢ ︾ ᠎ ᠶᠢ ᠲᠠᠰᠤᠷᠠᠯᠳᠡ ᠦᠭᠡᠢ ᠪᠠᠬᠢᠵᠢᠭᠦᠯᠬᠦ ᠬᠡᠷᠡᠭᠲᠡᠢ ᠃ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠪᠠ ᠪᠦᠲᠦᠭᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ︽ ᠨᠢᠭᠡ ᠲᠦᠷᠦᠯ ᠵᠦᠢᠯ ᠨᠢᠭᠡ ᠨᠠᠷᠢᠨ ᠳᠠᠩᠰᠠ ︾ ᠎ ᠶᠢᠨ ᠠᠵᠢᠯ ᠤᠨ ᠲᠣᠭᠲᠠᠴᠠ ᠶᠢ ᠪᠠᠷᠢᠮᠲᠠᠯᠠᠵᠤ ᠂ ᠡᠪᠦᠯ ᠤᠨ ᠤᠯᠠᠷᠢᠯ ᠤᠨ ᠭᠠᠷᠳᠠᠮ ᠢ ᠭᠦᠢᠴᠡᠳᠬᠡᠬᠦ ᠰᠢᠵᠢᠷ ᠠᠯᠳᠠᠨ ᠴᠠᠭ ᠬᠤᠭᠤᠴᠠᠭ᠎ᠠ ᠶᠢ ᠠᠳᠬᠤᠵᠤ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠡᠷᠲᠡ ᠭᠦᠢᠴᠡᠳᠬᠡᠵᠦ ᠳᠠᠭᠤᠰᠬᠠᠬᠤ ᠶᠢ ᠪᠠᠲᠤᠯᠠᠵᠤ ᠂ ᠢᠷᠡᠬᠦ ᠵᠢᠯ ᠤᠨ ᠬᠠᠪᠤᠷ ᠤᠨ ᠤᠯᠠᠷᠢᠯ ᠤᠨ ᠠᠵᠢᠯ ᠡᠬᠢᠯᠡᠭᠦᠯᠬᠦ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ ᠲᠦᠷᠦᠯ ᠵᠦᠢᠯ ᠤᠨ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ ᠂ ᠤᠯᠤᠰ ᠤᠨ ᠪᠡᠯᠡ ᠮᠥᠩᠭᠦ ᠣᠷᠣᠭᠤᠯᠬᠤ ᠭᠤᠣᠯᠳᠠᠯᠭ᠎ᠠ ᠲᠠᠢ ᠬᠦᠷᠢᠶ᠎ᠡ ᠪᠠᠷ ᠲᠦᠷᠦᠯ ᠵᠦᠢᠯ ᠣᠯᠬᠤ ᠶᠠᠪᠤᠳᠠᠯ ᠢ ᠰᠤᠳᠤᠯᠬᠤ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠰᠠᠨᠠᠭᠠᠴᠢᠯᠠᠭ᠎ᠠ ᠲᠠᠢ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠠᠶᠢᠯᠴᠢᠯᠠᠨ᠂ ᠤᠷᠢᠨ ᠬᠠᠷᠢᠭᠤ ᠰᠤᠷᠪᠤᠯᠵᠢᠯᠠᠵᠤ᠂ ᠨᠢᠭᠡ ᠪᠦᠯᠦᠭ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠵᠦᠢᠯ ᠤᠨ ᠴᠠᠭᠳᠠᠨ ᠪᠠᠶᠢᠴᠠᠭᠠᠯᠲᠠ᠂ ᠬᠢᠨᠠᠨ ᠪᠣᠳᠤᠯᠲᠠ᠂ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ ᠂ ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠵᠤ ᠂ ᠴᠠᠭ ᠬᠤᠭᠤᠴᠠᠭᠠᠨ ᠤ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠴᠢᠨᠠᠭᠰᠢᠳᠠ ᠴᠢᠩᠭᠠᠳᠬᠠᠵᠤ ᠂ ᠵᠣᠷᠢᠭ ᠰᠢᠭᠤᠳᠴᠤ ᠂ ᠤᠶᠤᠨ ᠴᠢᠳᠠᠯ ᠢᠶᠠᠨ ᠲᠥᠪᠯᠡᠷᠡᠭᠦᠯᠦᠨ ᠠᠰᠠᠭᠤᠳᠠᠯ ᠢ ᠭᠥᠢᠴᠡᠳ ᠲᠤᠶᠢᠯᠪᠤᠷᠢᠲᠠᠢ ᠥᠭᠡᠷᠡᠴᠢᠯᠡᠬᠦ ᠬᠡᠷᠡᠭᠲᠡᠢ ᠃ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠵᠦ ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠵᠦ ᠥᠭᠬᠦ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠠᠶᠢᠲᠤᠷ ᠬᠠᠮᠢᠶᠠᠷᠤᠨ ᠡᠵᠡᠮᠳᠡᠵᠦ ᠂ ᠨᠡᠭᠦᠷᠡᠰᠦᠨ ᠠᠭᠤᠷᠬᠠᠢ ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠂ ᠠᠶᠤᠯᠲᠠᠢ ᠬᠢᠮᠢ ᠶᠢᠨ ᠪᠣᠳᠠᠰ ᠂ ᠵᠠᠮ ᠬᠠᠷᠢᠯᠴᠠᠭ᠎ᠠ ᠂ ᠬᠤᠳᠠ ᠪᠠᠯᠭᠠᠰᠤᠨ ᠤ ᠰᠢᠲᠠᠮᠠᠬᠠᠢ ᠬᠡᠢ ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠂ ᠠᠳᠡᠯ ᠤᠨ ᠭᠡᠮ ᠰᠣᠭᠤᠭ ᠢ ᠭᠦᠨᠵᠡᠭᠡᠢ ᠪᠠᠶᠢᠴᠠᠭᠠᠨ ᠴᠡᠭᠴᠡᠯᠡᠵᠦ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1