ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 82 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/16
   
1_副本.jpg
       11 ᠰᠠᠷ᠎ᠠ ᠶᠢᠨ 13᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 82 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠯᠢ ᠭᠦᠸᠧ ᠵᠢᠶᠦ᠋ᠨ᠂ ᠯᠢᠦ ᠬᠠᠢ ᠬᠠᠢ᠂ ᠵᠢᠶᠣᠣ ᠴᠢᠩ ᠳ᠋ᠦᠩ᠂ ᠯᠢ ᠰᠢᠨ ᠢᠦᠢ᠂ ᠸᠠᠩ ᠶᠠᠨ ᠪᠥᠸᠧ᠂ ᠬᠠᠨ ᠶᠠᠨ ᠵᠢᠶᠦ᠋ᠨ᠂ ᠯᠤᠸᠠᠨ ᠶᠦᠨ ᠾᠧ᠂ ᠯᠢ ᡁᠢ ᠭᠠᠩ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠢ ᠂ ᠸᠠᠩ ᠵᠧᠨ ᠯᠢᠶᠠᠩ ᠂ ᠫᠧᠩ ᠰᠢᠶᠣᠣ ᠵᠢᠤᠸᠠᠨ ᠂ ᠪᠦᠦ ᠶᠦᠨ ᠳ᠋ᠦᠩ ᠂ ᠶᠢᠨ ᠲᠧᠩ ᠵᠢᠶᠣᠣ᠂ ᠳ᠋ᠢᠩ ᠰᠢᠶᠣᠣ ᠢᠦᠢ ᠂ ᠦ᠋ ᠰᠢᠸ ᠮᠢᠩ ᠂ ᠹᠠᠨ ᠰᠢᠶᠣᠣ ᠴᠢᠦ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠂ 10 ᠰᠠᠷ᠎ᠠ ᠶᠢᠨ 27᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠠᠢᠮᠠᠳᠤᠭᠠᠷ᠂ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠥᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢᠨ ᠪᠠᠶᠢᠴᠠᠭᠠᠯᠲᠠ ᠵᠢᠴᠢ ᠱᠠᠰᠢᠨ ᠰᠤᠷᠲᠠᠬᠤᠨ ᠤ ᠠᠵᠢᠯ ᠤᠨ ᠰᠢᠪᠠᠳᠠᠨ ᠪᠠᠶᠢᠴᠠᠭᠠᠯᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠥᠭᠭᠦᠭᠰᠡᠨ ᠬᠠᠷᠢᠭᠤ ᠲᠤᠰᠬᠠᠯ ᠢ ᠲᠤᠭᠤᠰᠢᠯᠠᠭᠤᠯᠬᠤ ᠲᠤᠬᠠᠢ ᠰᠠᠨᠠᠯ ︾ ᠵᠢᠴᠢ ᠤᠯᠠᠭᠠᠨᠬᠠᠳᠠ ᠬᠤᠲᠠ ᠶᠢᠨ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠲᠥᠰᠥᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠎ ᠶᠢᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠶᠠᠷᠢᠯᠴᠠᠬᠤ ᠳᠠᠭᠠᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ︽ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵ 2023 ︱ 2027 ᠣᠨ ︶ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵ 2022 ︱2026 ᠣᠨ ︶ ︾ ᠂ ︽ ᠨᠠᠢᠮᠠᠳᠤᠭᠠᠷ ᠬᠤᠭᠤᠴᠠᠭᠠᠨ ᠤ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵ 2022 ︱ 2026 ᠣᠨ ︶ ︾ ᠎ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2023 ᠣᠨ ᠤ ᠤᠯᠠᠨ ᠲᠦᠮᠡᠨ ᠤ ᠪᠦᠯᠬᠦᠮ ᠤᠨ ᠠᠵᠢᠯ ᠂ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠠᠵᠢᠯ ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵ 2022 ︱ 2026︶ ︵ᠬᠦᠷᠭᠡᠵᠦ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠥᠷᠭᠡᠬᠦ ᠬᠡᠷᠡᠭᠵᠢᠭᠦᠯᠬᠦ ᠲᠥᠰᠥᠯ ︵ᠬᠦᠷᠭᠡᠵᠦ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ︿ᠬᠥᠮᠥᠨ ᠠᠮᠠ ᠶᠢ ᠳᠠᠬᠢᠨ ᠪᠤᠢ ᠪᠣᠯᠭᠠᠬᠤ﹀ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠰᠥᠯ ︵ᠬᠦᠷᠭᠡᠵᠦ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ︿ᠴᠢᠳᠠᠪᠤᠷᠢᠲᠠᠨ ᠢ ᠳᠠᠬᠢᠨ ᠪᠣᠢ ᠪᠣᠯᠭᠠᠬᠤ﹀ ᠠᠵᠢᠯ ᠤᠨ ᠬᠡᠷᠡᠭᠵᠢᠭᠦᠯᠬᠦ ᠲᠥᠰᠥᠯ ︵ᠬᠦᠷᠭᠡᠵᠦ ᠬᠢᠨᠠᠭᠤᠯᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠠᠨᠳᠤᠯᠭ᠎ᠠ ᠲᠠᠢ ᠪᠠᠷ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢᠶᠠᠷ ᠰᠤᠩᠭᠤᠨ ᠤᠷᠢᠬᠤ ᠠᠵᠢᠯ ᠤᠨ ᠲᠥᠰᠥᠯ ︵ ᠬᠦᠷᠭᠡᠵᠦ ᠬᠢᠨᠠᠭᠤᠯᠬᠤ ᠨᠣᠣᠷᠠᠭ︶︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠪᠡ ︔ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃    ᠬᠤᠷᠠᠯ ᠠᠴᠠ ᠂ ᠪᠦᠬᠦ ᠲᠤᠭᠤᠷᠢᠭ ᠢᠶᠠᠷ ᠢᠶᠠᠨ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ︽ ᠨᠠᠢᠮᠠ ᠶᠢ ᠪᠠᠷᠢᠮᠲᠠᠯᠠᠬᠤ ︾ ᠎ ᠶᠢᠨ ᠦᠨᠳᠦᠰᠦᠨ ᠴᠢᠬᠤᠯᠠ ᠠᠭᠤᠯᠭ᠎ᠠ ᠶᠢ ᠪᠠᠲᠤ ᠡᠵᠡᠮᠳᠡᠵᠦ ᠂ ᠮᠥᠩᠭᠦᠨ ᠭᠦᠢᠯᠭᠡᠭᠡᠨ ᠤ ᠡᠯᠧᠮᠧᠨ᠋ᠲ ᠤᠨ ᠲᠤᠯᠭᠠᠭᠤᠷᠢᠯᠠᠵᠤ ᠪᠠᠲᠤᠯᠠᠬᠤ ᠦᠢᠯᠡᠳᠦᠯ ᠢ ᠴᠢᠩᠭᠠᠳᠬᠠᠵᠤ ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠲᠥᠪ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠵᠡᠷᠭᠡ ᠰᠢᠷᠢᠰ ᠴᠢᠬᠤᠯᠠ ᠲᠦᠷᠦ ᠶᠢᠨ ᠪᠣᠳᠣᠯᠭ᠎ᠠ ᠶᠢ ᠵᠠᠯᠭᠠᠪᠡᠷ ᠨᠡᠶᠢᠲᠡᠯᠡᠭᠰᠡᠨ ᠴᠢᠬᠤᠯᠠ ᠶᠡᠭᠡ ᠠᠵᠠ ᠲᠣᠬᠢᠶᠠᠯ ᠢ ᠠᠮᠵᠢᠵᠤ ᠂ ᠮᠠᠨ ᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠎ ᠢᠶᠠᠷ ᠠᠬᠢᠭᠤᠯᠬᠤ ᠬᠡᠷᠡᠭᠲᠡᠢ ᠃ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠠᠵᠤ ᠦᠢᠯᠡᠰ ᠤᠨ ᠲᠦᠷᠦᠯ ᠵᠦᠢᠯ ᠂ ᠤᠳᠤ ᠦᠶ᠎ᠡ ᠶᠢᠨ ᠲᠠᠷᠢᠶᠠᠯᠠᠩ ᠂ ᠪᠣᠬᠢᠷᠲᠤᠯ ᠦᠭᠡᠢ ᠬᠥᠭᠵᠢᠯᠲᠡ ᠂ ᠰᠠᠭᠤᠷᠢ ᠰᠤᠷᠭᠠᠨ ᠬᠥᠮᠦᠵᠢᠯ ᠵᠡᠷᠭᠡ ᠠᠵᠢᠯ ᠢ ᠰᠠᠶᠢᠲᠤᠷ ᠠᠳᠬᠤᠵᠤ ᠂ ᠨᠡᠭᠡᠭᠡᠯᠲᠡ ᠬᠢᠵᠦ ᠬᠠᠮᠲᠤᠷᠠᠯᠴᠠᠬᠤ ᠠᠵᠢᠯ ᠤᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠦᠨᠡᠨᠬᠦ ᠴᠢᠩᠭᠠᠳᠬᠠᠵᠤ ᠂ ᠤᠯᠠᠨ ᠲᠦᠮᠡᠨ ᠤ ᠪᠦᠯᠬᠦᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠂ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠂ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ ᠂ ᠠᠷᠠᠳ ᠤᠨ ᠠᠮᠢᠳᠤᠷᠠᠯ ᠎ ᠳᠤ ᠦᠢᠯᠡᠴᠢᠯᠡᠬᠦ ᠵᠡᠷᠭᠡ ᠡᠯ᠎ᠡ ᠵᠦᠢᠯ ᠤᠨ ᠦᠢᠯᠡᠰ ᠢ ᠪᠠᠲᠤᠯᠠᠵᠤ ᠂ ᠤᠯᠠᠨ ᠲᠦᠮᠡᠨ ᠤ ᠪᠦᠯᠬᠦᠮ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠲᠥᠪ ᠤᠨ ᠦᠨᠳᠦᠰᠦᠲᠡᠨ ᠤ ᠠᠵᠢᠯ ᠤᠨ ᠪᠠᠶᠢᠴᠠᠭᠠᠯᠲᠠ ᠪᠠ ᠱᠠᠰᠢᠨ ᠰᠤᠷᠲᠠᠬᠤᠨ ᠤ ᠠᠵᠢᠯ ᠤᠨ ᠰᠢᠪᠠᠳᠠᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠢ ᠲᠣᠭᠲᠠᠭᠠᠵᠤ ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠰᠠᠭᠤᠳᠠᠯ ᠢ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠵᠤ ᠲᠣᠭᠤᠷᠢᠨ ᠪᠠᠶᠢᠴᠠᠭᠠᠬᠤ ︽ ᠲᠥᠯᠦᠪᠵᠢᠭᠦᠯᠭᠡ ︾ ᠎ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠ ᠲᠣᠭᠲᠠᠴᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ ᠂ ᠤᠯᠤᠰ ᠳᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ ᠂ ᠨᠠᠷᠢᠯᠢᠭ ᠣᠨᠤᠪᠴᠢᠲᠠᠢ ᠪᠣᠯᠭᠠᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ ᠂ ᠳᠡᠭᠡᠳᠦ ᠲᠦᠪᠰᠢᠨ ᠤ ᠬᠠᠤᠯᠢ ᠪᠠᠷ ᠵᠠᠰᠠᠬᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠴᠢᠩᠭᠠᠳᠬᠠᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠠᠤᠯᠢ ᠪᠠᠷ ᠵᠠᠰᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠵᠦ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ ᠂ ︽ ᠬᠤᠶᠠᠷ ᠶᠡᠭᠡ ᠶᠠᠪᠤᠳᠠᠯ ︾᠎ ᠢ ᠰᠠᠶᠢᠲᠤᠷ ᠬᠢᠬᠦ ᠳᠤ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠎ ᠬᠢᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ ᠂ ᠡᠯ᠎ᠡ ᠲᠦᠷᠦᠯ ᠤᠨ ᠭᠡᠮ ᠰᠣᠭᠤᠭ ᠤᠨ ᠠᠰᠠᠭᠤᠳᠠᠯ ᠢ ᠪᠠᠶᠢᠩᠭᠤ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ ᠃ ᠤᠯᠤᠰ ᠲᠦᠷᠦ ᠶᠢᠨ ᠠᠮᠤᠷ ᠲᠦᠪᠰᠢᠨ ᠂ ᠨᠡᠶᠢᠭᠡᠮ ᠤᠨ ᠠᠮᠤᠷ ᠲᠦᠪᠰᠢᠨ ᠂ ᠰᠦᠯᠵᠢᠶᠡᠨ ᠤ ᠠᠮᠤᠷ ᠲᠦᠪᠰᠢᠨ ᠤ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠠᠮᠤᠷ ᠠᠮᠤᠭᠤᠯᠠᠩ ᠶᠤᠸᠠᠨ ᠪᠤᠤ ᠱᠠᠨ ᠤ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠎ ᠬᠢᠨ ᠨᠡᠭᠦᠷᠡᠰᠦᠲᠥ᠋ᠷᠥᠭᠴᠢ ᠎ ᠶᠢᠨ ᠳᠠᠪᠬᠤᠷ ᠢᠰᠥᠯ ᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠎ ᠶᠢᠨ ᠳᠠᠪᠬᠤᠷ ᠢᠰᠥᠯ ᠢ ᠰᠠᠭᠠᠷᠮᠠᠭᠵᠢᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ ᠂ ᠬᠥᠭᠵᠢᠭᠦᠯᠬᠦ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠂ ᠪᠦᠬᠦᠯᠢ ᠴᠣᠭᠴᠠ ᠪᠠ ᠬᠡᠰᠡᠭ ᠲᠠᠯ᠎ᠠ ᠂ ᠠᠯᠤᠰ ᠬᠡᠳᠤ ᠶᠢᠨ ᠬᠠᠷᠠᠯᠲᠠ ᠪᠠ ᠣᠬᠤᠷ ᠬᠤᠭᠤᠴᠠᠭᠠᠨ ᠤ ᠬᠠᠷᠠᠯᠲᠠ ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠡᠨᠧᠷᠭᠢ ᠂ ᠠᠵᠤ ᠦᠢᠯᠡᠳᠪᠦᠷᠢ ᠂ ᠵᠠᠮ ᠬᠠᠷᠢᠯᠴᠠᠭ᠎ᠠ ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠳᠣᠣᠷ᠎ᠠ ᠨᠡᠭᠦᠷᠡᠰᠥᠳᠦ᠋ᠷᠥᠭᠴᠢᠲᠦ ᠬᠡᠯᠪᠡᠷᠢ ᠬᠤᠪᠢᠷᠠᠭᠠᠯᠲᠠ ᠶᠢᠨ ᠡᠭᠦᠷᠭᠡ ᠶᠢ ᠰᠠᠶᠢᠲᠤᠷ ᠠᠳᠬᠤᠵᠤ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠥᠯ ᠢ ᠤᠷᠬᠢᠯ ᠳᠤ ᠬᠦᠷᠭᠡᠬᠦ ᠬᠠᠷᠠᠯᠲᠠ ᠎ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠮᠠᠨ ᠤ ᠲᠣᠭᠤᠷᠢᠭ ᠤᠨ ᠬᠥᠮᠥᠨ ᠠᠮᠠ ᠶᠢᠨ ᠲᠠᠷᠬᠠᠯᠲᠠ ᠶᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ ᠂ ᠪᠠᠶᠢᠷᠢ ᠵᠥᠷᠢᠭᠦᠯᠬᠦ ᠠᠷᠭ᠎ᠠ ᠪᠣᠳᠣᠯᠭ᠎ᠠ ᠶᠢ ᠠᠰᠢᠭᠯᠠᠨ ᠠᠵᠢᠯ ᠣᠯᠭᠤᠯᠲᠠ ᠶᠢ ᠥᠷᠭᠡᠳᠬᠡᠨ᠂ ᠴᠢᠳᠠᠪᠤᠷᠢᠲᠠᠨ ᠢ ᠲᠡᠳᠡᠨ ᠠᠪᠴᠢᠷᠠᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ︽ᠬᠥᠮᠥᠨ ᠠᠮᠠ ᠴᠢᠳᠠᠪᠤᠷᠢᠲᠠᠨ ᠢ ᠳᠠᠬᠢᠨ ᠪᠣᠶ ᠪᠣᠯᠭᠠᠬᠤ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1