2023 ᠣᠨ ᠤ ᠲᠣᠭᠤᠷᠢᠭ ᠤᠨ ᠵᠠᠰᠠᠭ ᠤᠨ ᠣᠷᠳᠣᠨ ᠠᠵᠢᠯᠴᠢᠨ ᠤ ᠶᠡᠷᠦᠩᠬᠡᠢ ᠡᠪᠯᠡᠯ ᠲᠠᠢ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/18
   
1_副本.jpg
       11 ᠰᠠᠷ᠎ᠠ ᠶᠢᠨ 15᠎ ᠤ ᠡᠳᠦᠷ᠂ᠲᠣᠭᠤᠷᠢᠭ ᠤᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ 2023 ᠣᠨ ᠤ ᠲᠣᠭᠤᠷᠢᠭ ᠤᠨ ᠵᠠᠰᠠᠭ ᠤᠨ ᠣᠷᠳᠣᠨ ᠠᠵᠢᠯᠴᠢᠨ ᠤ ᠶᠡᠷᠦᠩᠬᠡᠢ ᠡᠪᠯᠡᠯ ᠎ ᠲᠠᠢ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠪᠠ ᠃ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ︽ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠮᠡᠷᠭᠡᠵᠢᠯ ᠤᠨ ᠴᠢᠳᠠᠪᠤᠷᠢᠲᠠᠨ ᠤ ᠬᠠᠷᠠᠭᠠᠯᠵᠠᠯ ᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ ︾᠎ ᠢ ᠲᠤᠭᠤᠷᠪᠢᠭᠰᠠᠨ ᠲᠣᠳᠣᠷᠬᠠᠶᠢᠯᠠᠯᠲᠠ ᠬᠢᠵᠦ ᠂ ᠬᠤᠷᠠᠯ ᠳᠤ ᠣᠷᠣᠯᠴᠠᠭᠰᠠᠳ ︽ ᠬᠡᠷᠡᠭᠵᠢᠭᠦᠯᠬᠦ ᠰᠠᠨᠠᠯ ︾᠎ ᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠠᠢ ᠃    ᠵᠢᠶᠣᠣ ᠴᠢᠩ ᠳ᠋ᠦᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠶᠢᠳᠠᠯ ᠡᠭᠦᠷᠭᠡ ᠶᠢ ᠭᠦᠨᠵᠡᠭᠡᠢ ᠡᠵᠡᠮᠳᠡᠵᠦ᠂ ᠣᠷᠣᠨ ᠪᠦᠰᠡ ᠶᠢᠨ ᠴᠢᠳᠠᠪᠤᠷᠢᠲᠠᠨ ᠤ ᠥᠨᠳᠦᠷᠯᠢᠭ ᠭᠠᠵᠠᠷ ᠢ ᠪᠦᠲᠦᠭᠡᠨ ᠪᠠᠶᠢᠭᠤᠯᠬᠤ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ︽ᠨᠢᠭᠡ ᠬᠤᠲᠠ ᠭᠤᠷᠪᠠᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ᠂ ︽ᠳᠥᠷᠪᠡ ᠶᠢ ᠳᠠᠬᠢᠨ  ᠪᠣᠢ ᠪᠣᠯᠭᠠᠬᠤ ︾᠎ ᠶᠢ ᠪᠡᠶᠡᠯᠡᠭᠦᠯᠬᠦ ᠶᠡᠭᠡ ᠲᠠᠯ᠎ᠠ ᠠᠴᠠ ᠡᠭᠦᠰᠴᠦ᠂ ᠪᠠᠴᠢᠮ ᠳᠤᠲᠠᠭᠳᠠᠵᠤ ᠪᠠᠶᠢᠭ᠎ᠠ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠵᠠᠩᠭᠢᠯᠠᠭ᠎ᠠ ᠶᠢ ᠡᠵᠡᠮᠳᠡᠵᠦ ᠂ ᠡᠯ᠎ᠡ ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠤᠯᠠᠨ ᠢᠶᠠᠷ ᠢᠶᠠᠨ ︽ ᠴᠢᠳᠠᠪᠤᠷᠢᠲᠠᠨ ᠢ ᠲᠠᠲᠠᠬᠤ ︾ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ ︽ ᠴᠢᠳᠠᠪᠤᠷᠢᠲᠠᠨ ᠢ ᠬᠥᠮᠥᠵᠢᠭᠦᠯᠬᠦ ︾ ᠂ ᠣᠷᠴᠢᠨ ᠲᠣᠭᠤᠷᠢᠨ ᠢ ᠰᠢᠯᠢᠳᠡᠭᠵᠢᠭᠦᠯᠥᠨ ︽ ᠴᠢᠳᠠᠪᠤᠷᠢᠲᠠᠨ ᠢ ᠬᠤᠷᠠᠨ ᠴᠤᠭᠯᠠᠷᠠᠭᠤᠯᠬᠤ︾ ᠎ ᠶᠢ ᠪᠡᠶᠡᠯᠡᠭᠦᠯᠵᠦ ᠂ ᠴᠢᠳᠠᠪᠤᠷᠢᠲᠠᠨ ᠢ ᠡᠷᠬᠢᠮᠯᠡᠵᠦ ᠴᠢᠳᠠᠪᠤᠷᠢᠲᠠᠨ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠵᠤ ᠂ ᠡᠯ᠎ᠡ ᠰᠠᠯᠠᠭ᠎ᠠ ᠮᠥᠴᠢᠷ ᠤᠨ ᠬᠢᠨ ︽ ᠨᠢᠭᠡᠳᠦᠭᠡᠷ ᠭᠠᠷ ︾᠎ ᠤᠨ ︽ ᠨᠢᠭᠡᠳᠦᠭᠡᠷ ᠡᠬᠢ ᠪᠠᠶᠠᠯᠢᠭ ︾᠎ ᠤᠨ ᠬᠠᠷᠢᠭᠤᠴᠠᠯᠭ᠎ᠠ ᠶᠢ ᠠᠳᠬᠤᠬᠤ ᠶᠢ ᠭᠦᠨᠵᠡᠭᠡᠶᠢᠷᠡᠭᠦᠯᠵᠦ ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠬᠠᠷᠢᠯᠴᠠᠨ ᠬᠠᠮᠵᠢᠯᠴᠠᠵᠤ ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠮᠠᠨ ᠤ ᠲᠣᠭᠤᠷᠢᠭ ᠲᠤ ᠢᠳᠡᠪᠬᠢᠯᠡᠨ ᠠᠵᠢᠯᠯᠠᠭᠤᠯᠵᠤ ᠬᠤᠪᠢ ᠨᠡᠮᠡᠷᠢ ᠦᠵᠡᠭᠦᠯᠥᠭᠦᠯᠥᠨ᠂ ᠴᠢᠳᠠᠪᠤᠷᠢᠲᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1