ᠮᠣᠬᠤᠷ ᠭᠤᠤᠯ ᠪᠠᠯᠭᠠᠰᠤ᠄ ︽ᠳᠥᠷᠪᠡ ᠶᠢ ᠴᠢᠩᠭᠠᠳᠬᠠᠵᠤ︾ ᠭᠠᠯ ᠢ ᠰᠡᠷᠭᠡᠶᠢᠯᠡᠬᠦ ᠠᠮᠤᠷ ᠲᠦᠪᠰᠢᠨ ᠤ ᠱᠤᠭᠤᠮ ᠢ ᠪᠠᠬᠢᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/11/24
    ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ ᠂ ᠮᠣᠬᠤᠷ ᠭᠤᠤᠯ ᠭᠤᠣᠯ ᠪᠠᠯᠭᠠᠰᠤ ᠲᠦᠷᠪᠡᠨ ᠲᠠᠯ᠎ᠠ ᠪᠠᠷ ᠬᠦᠴᠦᠯᠡᠵᠦ ᠂ ᠪᠣᠳᠠᠲᠤ ᠠᠵᠢᠯᠯᠠᠭ᠎ᠠ ᠪᠠᠷ ᠢᠶᠠᠨ ᠭᠠᠯ ᠎ ᠢ ᠰᠡᠷᠭᠡᠶᠢᠯᠡᠨ ᠤᠨᠲᠠᠷᠠᠭᠠᠬᠤ ︽ ᠠᠮᠤᠷ ᠲᠦᠪᠰᠢᠨ ᠤ ᠲᠣᠣᠷ ︾᠎ ᠢ ᠪᠠᠲᠤ ᠰᠦᠯᠵᠢᠵᠦ ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠰᠠᠬᠢᠨ ᠬᠠᠮᠠᠭᠠᠯᠠᠵᠤ ᠪᠠᠶᠢᠨ᠎ᠠ᠃    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠳᠡᠭᠡᠭᠰᠢᠯᠡᠭᠦᠯᠪᠡ᠃ 2023 ᠣᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠡᠰᠢ ᠰᠦᠷᠡᠯ ᠢ ᠨᠣᠴᠣᠭᠠᠬᠤ ᠶᠢ ᠴᠠᠭᠠᠵᠠᠯᠠᠬᠤ ᠶᠠᠪᠤᠳᠠᠯ ᠢ ᠡᠯ᠎ᠡ ᠲᠣᠰᠬᠤᠨ ᠳᠤᠭᠤᠶᠢᠯᠠᠩ ᠤᠨ ᠨᠠᠮᠤᠷ ᠡᠪᠦᠯ ᠤᠨ ᠤᠯᠠᠷᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ ᠂ ᠪᠦᠬᠦ ᠪᠠᠯᠭᠠᠰᠤ ᠶᠢᠨ ᠬᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ ᠂ ᠬᠠᠮᠤᠭ ᠤᠨ ᠡᠷᠡᠰ ᠪᠠᠲᠤ ᠵᠣᠷᠢᠭ ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠣᠯᠣᠨ ᠬᠠᠮᠤᠭ ᠤᠨ ᠬᠠᠷᠢᠭᠤᠴᠠᠯᠭ᠎ᠠ ᠲᠠᠢ ᠣᠪᠣᠷ ᠢᠶᠠᠷ ᠭᠠᠯ ᠤᠨ ᠭᠠᠮᠰᠢᠭ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ ᠃    ᠤᠬᠠᠭᠤᠯᠭ᠎ᠠ ᠬᠥᠮᠦᠵᠢᠯ ᠪᠣᠯᠤᠨ ᠬᠠᠤᠯᠢ ᠪᠠᠷ ᠵᠠᠰᠠᠬᠤ ᠦᠵᠡᠯᠲᠡ ᠎ ᠶᠢ ᠴᠢᠩᠭᠠᠳᠬᠠᠪᠠ᠃ ᠡᠯ᠎ᠡ ᠲᠣᠰᠬᠤᠨ ᠤ ᠰᠥᠯᠵᠢᠶᠡᠨ ᠪᠦᠯᠦᠭ᠂ ᠸᠢᠴᠠᠲ ᠬᠤᠯᠪᠤᠭ᠎ᠠ᠂ ᠸᠢᠴᠠᠲ ᠤᠨ ᠨᠠᠶᠢᠵᠠ ᠶᠢᠨ ᠲᠣᠭᠤᠷᠢᠭ ᠢ ᠭᠥᠢᠴᠡᠳ ᠠᠰᠢᠭᠯᠠᠨ ᠭᠠᠯ ᠢ ᠰᠡᠷᠭᠡᠶᠢᠯᠡᠨ ᠤᠨᠲᠠᠷᠠᠭᠠᠬᠤ ᠮᠡᠳᠡᠯᠭᠡ  ᠳᠠᠮᠵᠢᠭᠤᠯᠤᠨ ᠬᠥᠷᠭᠡᠵᠦ ᠂ ᠬᠥᠨᠳᠡᠯᠡᠨ ᠪᠢᠴᠢᠭᠡᠰᠦ᠂ ︽ᠲᠣᠰᠬᠤᠨ ᠪᠣᠯᠭᠠᠨ ᠳᠤ ᠳᠠᠭᠤᠷᠢᠰᠬᠤ︾ ᠵᠡᠷᠭᠡ ᠬᠡᠯᠪᠡᠷᠢ ᠲᠠᠢ ᠤᠶᠠᠯᠳᠤᠭᠤᠯᠤᠨ᠂ ︽ᠰᠦᠯᠵᠢᠶᠡᠨ ᠭᠠᠳᠠᠨ᠎ᠠ + ᠰᠦᠯᠵᠢᠶᠡᠨ ᠳᠡᠭᠡᠷ᠎ᠡ︾ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠭᠠᠯ ᠰᠡᠷᠭᠡᠶᠢᠯᠡᠬᠦ ᠤᠬᠠᠭᠤᠯᠭ᠎ᠠ ᠶᠢ ᠪᠥᠬᠦ ᠲᠠᠯ᠎ᠠ ᠪᠠᠷ᠂ ᠥᠨᠴᠥᠭ ᠪᠤᠯᠤᠩ ᠦᠭᠡᠢ ᠨᠡᠶᠢᠳᠡᠮ ᠪᠥᠷᠬᠦᠭᠦᠯᠵᠦ᠂ ᠥᠷᠭᠡᠨ ᠣᠯᠠᠨ ᠲᠦᠮᠡᠨ ᠤ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠦᠵᠡᠯ ᠤᠬᠠᠮᠰᠠᠷ ᠪᠠ ᠣᠶ ᠰᠢᠭᠤᠢ ᠶᠢ ᠬᠠᠮᠠᠭᠠᠯᠠᠨ ᠭᠠᠯ ᠰᠡᠷᠭᠡᠶᠢᠯᠡᠬᠦ ᠢᠳᠡᠪᠬᠢᠵᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠪᠠᠶᠢᠨ᠎ᠠ᠃    ᠡᠳᠦᠷ ᠲᠤᠲᠤᠮ ᠤᠨ ᠰᠣᠷᠢᠯᠲᠠ ᠪᠠᠨ ᠴᠢᠩᠭᠠᠳᠬᠠᠵᠤ᠂ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠮᠣᠬᠤᠷ ᠭᠤᠤᠯ ᠪᠠᠯᠭᠠᠰᠤ ᠣᠶ ᠰᠢᠭᠤᠢ ᠶᠢᠨ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠣᠰᠬᠤᠨ ᠤ ᠣᠶ ᠰᠢᠭᠤᠢ ᠬᠠᠮᠠᠭᠠᠯᠠᠭᠴᠢ᠂ ᠡᠷᠦᠬᠡ ᠶᠢᠨ ᠴᠡᠷᠢᠭ ᠲᠠᠢ ᠬᠠᠮᠲᠤᠷᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠰᠣᠷᠢᠯᠲᠠ ᠶᠢ ᠥᠷᠨᠢᠭᠦᠯᠪᠡ᠃ ᠰᠣᠷᠢᠯᠲᠠ ᠬᠢᠬᠦ ᠠᠴᠠ ᠡᠮᠦᠨ᠎ᠡ᠂ ᠣᠶ ᠰᠢᠭᠤᠢ ᠶᠢᠨ ᠭᠠᠯ ᠤᠨᠲᠠᠷᠠᠭᠠᠬᠤ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ ᠂ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠬᠡᠮ᠂ ᠭᠠᠯ ᠤᠨ ᠭᠠᠮᠰᠢᠭ ᠤᠨ ᠰᠢᠯᠲᠠᠭᠠᠨ ᠵᠢᠴᠢ ᠭᠠᠯ ᠤᠨ ᠭᠠᠮᠰᠢᠭ ᠭᠠᠷᠤᠭᠰᠠᠨ ᠤ ᠳᠠᠷᠠᠭᠠᠬᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠣᠶ ᠰᠢᠭᠤᠢ ᠬᠠᠮᠠᠭᠠᠯᠠᠭᠴᠢ ᠳᠤ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃ ᠰᠣᠷᠢᠯᠲᠠ ᠶᠢᠨ ᠪᠦᠬᠦ ᠶᠠᠪᠤᠴᠠ ᠶᠢ ᠨᠢᠭᠲᠠ ᠴᠢᠩᠭ᠎ᠠ ᠵᠣᠬᠢᠶᠠᠨ ᠪᠠᠶᠢᠭᠤᠯᠵᠤ᠂ ᠡᠮᠬᠢ ᠵᠢᠷᠤᠮ ᠨᠢ ᠵᠢᠩᠬᠢᠨᠢᠴᠢᠯᠡᠵᠦ᠂ ᠵᠢᠱᠢᠭᠰᠡᠨ ᠦᠷ᠎ᠡ ᠳ᠋ᠦᠩ ᠳᠤ ᠬᠦᠷᠴᠡᠢ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠰᠣᠷᠢᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠭᠦᠢᠴᠡᠳ ᠪᠤᠰᠤ ᠲᠠᠯ᠎ᠠ ᠳᠤ ᠪᠦᠬᠦ ᠲᠠᠯ᠎ᠠ ᠪᠠᠷ ᠨᠠᠷᠢᠨ ᠨᠢᠮᠪᠠᠢ ᠦᠨᠡᠯᠡᠯᠲᠡ ᠬᠢᠵᠦ᠂ ᠬᠤᠶᠢᠰᠢᠳᠠ ᠡᠶᠢᠮᠦᠷᠬᠦ ᠪᠠᠴᠢᠮ ᠪᠠᠶᠢᠳᠠᠯ ᠢ ᠠᠷᠭᠠᠴᠠᠭᠠᠬᠤ ᠠᠳᠡᠯ ᠬᠡᠷᠡᠭ ᠢ ᠰᠢᠢᠳᠪᠦᠷᠢᠯᠡᠬᠦ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ᠃`    ᠲᠣᠭᠲᠠᠴᠠ ᠶᠢᠨ ᠪᠠᠲᠤᠯᠠᠭ᠎ᠠ ᠶᠢ ᠴᠢᠩᠭᠠᠳᠬᠠᠵᠤ᠂ ᠦᠷᠭᠦᠯᠵᠢᠯᠡᠨ ᠭᠦᠨᠵᠡᠭᠡᠢ ᠠᠬᠢᠭᠤᠯᠪᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠎ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠪᠠ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠣᠶ ᠰᠢᠭᠤᠢ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠪᠥᠬᠦ ᠪᠠᠯᠭᠠᠰᠤᠨ ᠤ ᠬᠠᠷᠢᠶ᠎ᠠ ᠣᠷᠤᠨ ᠳᠠᠬᠢ ᠭᠤᠣᠯᠳᠠᠯᠭ᠎ᠠ ᠲᠠᠢ ᠭᠠᠯ ᠤᠨ ᠭᠠᠮᠰᠢᠭ ᠤᠨ ᠬᠡᠮ ᠰᠤᠭᠤᠭ ᠲᠠᠢ ᠣᠷᠣᠨ ᠪᠦᠰᠡ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠦᠷᠭᠦᠯᠵᠢᠯᠡᠨ ᠲᠡᠭᠦᠯᠳᠡᠷᠵᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠣᠶ ᠰᠢᠭᠤᠢ ᠶᠢᠨ ᠭᠠᠯ ᠢ ᠰᠡᠷᠭᠡᠶᠢᠯᠡᠬᠦ ᠪᠣᠳᠠᠲᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠪᠠᠶᠢᠨ᠎ᠠ︔ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠤᠨᠲᠠᠷᠠᠭᠠᠵᠤ᠂ ︽ᠠᠮᠤᠷ ᠲᠦᠪᠰᠢᠨ ᠤ ᠲᠣᠣᠷ ︾᠎ ᠢ ᠴᠢᠷᠮᠠᠶᠢᠨ ᠪᠠᠬᠢᠵᠢᠭᠦᠯᠵᠦ᠂ ︽ᠭᠠᠯ ᠢ ᠰᠡᠷᠭᠡᠶᠢᠯᠡᠬᠦ ᠱᠤᠭᠤᠮ︾᠎ ᠢ ᠴᠢᠩᠭ᠎ᠠ ᠰᠠᠬᠢᠵᠤ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1