ᠵᠠᠩ ᡁᠢ ᠸᠧᠢ ᠪᠡᠭᠡᠵᠢᠩ ᠤᠨ ᠦᠵᠡᠰᠬᠦᠯᠡᠩ ᠤᠨ ᠣᠷᠳᠣᠨ ᠳᠤ 2023 ᠣᠨ ᠤ ᠤᠯᠠᠭᠠᠨᠬᠠᠳᠠ ᠶᠢᠨ ᠰᠠᠶᠢᠨ ᠡᠳ᠋ ᠪᠡᠭᠡᠵᠢᠩ ᠎ ᠳᠤ ᠣᠷᠤᠬᠤ ᠶᠤᠸᠠᠨ ᠪᠦᠦ ᠱᠠᠨ ᠲᠣᠭᠤᠷᠢᠭ ᠤᠨ ᠦᠵᠡᠭᠦᠯᠦᠯᠭᠡ ᠶᠢᠨ ᠲᠢᠩᠬᠢᠮ ᠎ ᠤᠨ ᠳᠡᠯᠭᠡᠨ ᠦᠵᠡᠭᠦᠯᠦᠭᠰᠡᠨ ᠪᠠᠶᠢᠳᠠᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/11/24
    11 ᠰᠠᠷ᠎ᠠ ᠶᠢᠨ 22᠎ ᠤᠨ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠪᠡᠭᠡᠵᠢᠩ ᠤᠨ ᠦᠵᠡᠰᠬᠦᠯᠡᠩ ᠤᠨ ᠣᠷᠳᠣᠨ ᠳᠤ 2023 ᠣᠨ ᠤ ᠤᠯᠠᠭᠠᠨᠬᠠᠳᠠ ᠶᠢᠨ ᠰᠠᠶᠢᠨ ᠡᠳ᠋ ᠪᠡᠭᠡᠵᠢᠩ ᠎ ᠳᠤ ᠣᠷᠤᠬᠤ ᠶᠤᠸᠠᠨ ᠪᠦᠦ ᠱᠠᠨ ᠲᠣᠭᠤᠷᠢᠭ ᠤᠨ ᠦᠵᠡᠭᠦᠯᠦᠯᠭᠡ ᠶᠢᠨ ᠲᠢᠩᠬᠢᠮ ᠤᠨ ᠳᠡᠯᠭᠡᠨ ᠦᠵᠡᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ ᠂ ᠦᠵᠡᠰᠬᠦᠯᠡᠩ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠲᠤᠬᠠᠢ ᠶᠢᠨ ᠲᠠᠯᠠᠪᠤᠷ ᠲᠤ ᠵᠢᠭᠠᠨ ᠵᠢᠯᠣᠭᠤᠳᠪᠠ ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ ᠪᠠᠷ᠎ᠠ ᠪᠣᠯᠪᠠ᠃
1_副本.jpg
2_副本.jpg
3_副本.jpg
4_副本.jpg
5_副本.jpg
       ᠦᠵᠡᠭᠦᠯᠦᠯᠭᠡ ᠶᠢᠨ ᠲᠢᠩᠬᠢᠮ ᠤᠨ ᠲᠤᠬᠠᠢ ᠶᠢᠨ ᠲᠠᠯᠠᠪᠤᠷ ᠲᠤ᠂ ᠵᠠᠩ ᡁᠢ ᠸᠧᠢ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠮᠠᠨ ᠤ ᠲᠣᠭᠤᠷᠢᠭ ᠤᠨ ᠲᠤᠰ  ᠤᠳᠠᠭᠠᠨ ᠤ ᠦᠵᠡᠭᠦᠯᠦᠯᠭᠡ ᠳᠤ ᠣᠷᠣᠯᠴᠠᠭᠰᠠᠨ ᠦᠢᠯᠡᠳᠬᠦᠨ ᠤ ᠣᠨᠴᠠᠯᠢᠭ ᠂ ᠦᠵᠡᠭᠦᠯᠦᠯᠭᠡ ᠶᠢᠨ ᠠᠷᠭ᠎ᠠ ᠬᠡᠯᠪᠡᠷᠢ ᠵᠡᠷᠭᠡ ᠪᠠᠶᠢᠳᠠᠯ ᠢ ᠨᠢᠭᠡᠳ ᠨᠢᠭᠡ ᠪᠠᠷ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠶᠡᠷᠦᠩᠬᠡᠢ ᠴᠣᠭᠴᠠ ᠶᠢᠨ ᠪᠠ ᠨᠠᠷᠢᠨ ᠵᠦᠢᠯᠡᠰ ᠢ ᠡᠵᠡᠮᠳᠡᠬᠦ ᠶᠢ ᠴᠢᠩᠭᠠᠳᠬᠠᠵᠤ ᠂ ᠡᠯ᠎ᠡ ᠵᠦᠢᠯ ᠤᠨ ᠪᠡᠯᠡᠳᠬᠡᠯ ᠠᠵᠢᠯ ᠢ ᠲᠠᠬᠢᠨ ᠡᠮᠬᠢᠯᠡᠵᠦ ᠂ ᠲᠠᠬᠢᠨ ᠪᠠᠶᠢᠴᠠᠭᠠᠵᠤ ᠂ ᠡᠯ᠎ᠡ ᠵᠦᠢᠯ ᠤᠨ ᠪᠠᠶᠢᠳᠠᠯ ᠢ ᠨᠡᠩ ᠪᠦᠷᠢᠨ ᠭᠦᠢᠴᠡᠳ ᠪᠣᠳᠣᠯᠬᠢᠯᠠᠵᠤ ᠂ ᠠᠵᠢᠯ ᠤᠨ ᠲᠥᠰᠥᠯ ᠢᠶᠠᠨ ᠨᠡᠩ ᠨᠠᠷᠢᠨ ᠨᠢᠮᠪᠠᠢ ᠬᠢᠵᠦ ᠂ ᠲᠤᠰ ᠤᠳᠠᠭᠠᠨ ᠤ ᠦᠵᠡᠭᠦᠯᠦᠯᠭᠡ ᠶᠢᠨ ᠲᠡᠭᠦᠰ ᠠᠮᠵᠢᠯᠲᠠ ᠲᠠᠢ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠲᠤᠬᠠᠢ ᠶᠢᠨ ᠲᠠᠯᠠᠪᠤᠷ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ ᠂ ᠳᠡᠯᠭᠡᠨ ᠦᠵᠡᠭᠦᠯᠬᠦ ᠬᠡᠯᠪᠡᠷᠢ ᠶᠢ ᠰᠢᠯᠢᠳᠡᠭᠵᠢᠭᠦᠯᠦᠨ᠂ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ ᠠᠵᠢᠯ ᠢ ᠨᠢᠭᠲᠠ ᠠᠴᠠ ᠨᠢᠭᠲᠠ ᠬᠢᠵᠦ᠂ ᠮᠠᠨ ᠤ ᠲᠣᠭᠤᠷᠢᠭ ᠤᠨ ᠣᠨᠴᠠᠯᠢᠭᠲᠤ ᠪᠦᠲᠦᠭᠡᠭᠳᠡᠬᠦᠨ ᠢ ᠦᠨᠡᠨ ᠰᠡᠳᠬᠢᠯ ᠠᠴᠠ ᠪᠠᠨ ᠳᠡᠯᠭᠡᠷᠡᠭᠦᠯᠬᠦ ᠬᠡᠷᠡᠭᠲᠡᠢ ᠃ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠡᠯ᠎ᠡ ᠲᠦᠷᠦᠯ ᠤᠨ ᠳᠡᠯᠭᠡᠨ ᠦᠵᠡᠭᠦᠯᠬᠦ ᠠᠷᠭ᠎ᠠ ᠬᠡᠯᠪᠡᠷᠢ ᠪᠣᠯᠣᠨ ᠲᠠᠪᠴᠠᠩ ᠳᠤ ᠲᠦᠰᠢᠭᠯᠡᠨ ᠲᠠᠨᠢᠯᠴᠠᠭᠤᠯᠬᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ ᠂ ᠶᠤᠸᠠᠨ ᠪᠦᠦ ᠱᠠᠨ ᠲᠣᠭᠤᠷᠢᠭ ᠤᠨ ᠤᠯᠠᠨ ᠲᠦᠮᠡᠨ ᠤ ᠰᠡᠳᠬᠢᠯ ᠳᠠᠬᠢ ᠮᠡᠳᠡᠷᠡᠮᠵᠢ ᠶᠢᠨ ᠬᠡᠮᠵᠢᠶ᠎ᠡ ᠪᠣᠯᠣᠨ ᠢᠷᠠᠭᠤ ᠠᠯᠳᠠᠷ ᠤᠨ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1