ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠥᠩᠭᠡᠷᠡᠭᠦᠯᠬᠦ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠪᠠ
ᠨᠡᠶᠢᠲᠡᠯᠡᠭᠰᠡᠨ ᠴᠠᠭ᠄
2023/11/24
    11 ᠰᠠᠷ᠎ᠠ ᠶᠢᠨ 21᠎ ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠂ ᠬᠡᠰᠡᠭ ᠠᠷᠠᠳ ᠤᠨ ᠲᠥᠯᠥᠭᠡᠯᠡᠭᠴᠢᠳ ᠢ ᠳᠠᠭᠠᠭᠤᠯᠤᠨ᠂ ᠮᠠᠨ ᠤ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ ᠬᠤᠶᠠᠷ ᠢ ᠬᠥᠩᠭᠡᠷᠡᠭᠦᠯᠬᠦ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠪᠠ᠃ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠬᠢᠨᠠᠨ ᠵᠢᠯᠣᠭᠤᠳᠪᠠ᠃
1_副本.jpg
2_副本.jpg
       ᠰᠢᠪᠠᠳᠠᠨ ᠵᠢᠯᠤᠭᠤᠳᠬᠤ ᠳᠤᠭᠤᠶᠢᠯᠠᠩ ᠤᠷᠢᠳ ᠬᠤᠵᠢᠳ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠫᠢᠩᠵᠤᠸᠠᠩ ᠳᠤᠮᠳᠠᠳᠤ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ ᠪᠠ ᠮᠠ ᠲᠢ ᠶᠢᠩᠽᠢ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠪᠠ ᠵᠥᠭᠡᠯᠡᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠎ ᠲᠤᠨᠢ ᠪᠠᠶᠢᠴᠠᠭᠠᠨ ᠦᠵᠡᠵᠦ᠂ ᠡᠯ᠎ᠡ ᠰᠤᠷᠭᠠᠭᠤᠯᠢ ᠶᠢᠨ ᠰᠣᠷᠣᠭᠴᠢ ᠶᠢᠨ ᠳᠠᠰᠬᠠᠯ ᠤᠨ ᠳᠠᠷᠤᠭᠠᠰᠤ ᠶᠢ ᠬᠥᠩᠭᠡᠯᠡᠭᠰᠡᠨ᠂ ᠬᠢᠴᠢᠶᠡᠯ ᠤᠨ ᠭᠠᠳᠠᠨᠠᠬᠢ ᠳᠤᠷ᠎ᠠ ᠰᠣᠨᠢᠷᠬᠠᠯ ᠤᠨ ᠠᠵᠢᠯᠯᠠᠭ᠎ᠠ ᠥᠷᠨᠢᠭᠦᠯᠦᠭᠰᠡᠨ ᠵᠡᠷᠭᠡ ᠠᠵᠢᠯ ᠤᠨ ᠪᠠᠶᠢᠳᠠᠯ ᠢ ᠰᠣᠨᠣᠰᠴᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃    ᠰᠢᠪᠠᠳᠠᠨ ᠵᠢᠯᠤᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠎ ᠨᠢ ᠂ ᠣᠶᠢᠷ᠎ᠠ ᠶᠢᠨ ᠵᠢᠯ ᠤᠳ ᠲᠤ᠂ ᠮᠠᠨ ᠤ ᠲᠣᠭᠤᠷᠢᠭ ︽ ᠪᠣᠥ ᠱᠠᠨ ᠤ ᠰᠤᠷᠭᠠᠨ ᠬᠥᠮᠦᠵᠢᠯ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ᠂ ︽︿ᠬᠤᠶᠠᠷ ᠢ ᠬᠥᠩᠭᠡᠷᠡᠭᠦᠯᠬᠦ ﹀ ᠲᠣᠪᠴᠢ ᠮᠡᠳᠡᠭᠡ︾ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ︽ᠬᠤᠶᠠᠷ ᠢ ᠬᠥᠩᠭᠡᠷᠡᠭᠦᠯᠬᠦ︾ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠭᠡᠷ ᠤᠨ ᠠᠬᠠᠮᠠᠳ ᠤᠨ ︽ᠬᠤᠶᠠᠷ ᠢ ᠬᠥᠩᠭᠡᠷᠡᠭᠦᠯᠬᠦ ︾ ᠠᠵᠢᠯ ᠤᠨ ᠲᠤᠬᠠᠢ ᠣᠶᠢᠯᠠᠭᠠᠬᠤ ᠨᠣᠷᠮ᠎ᠠ ᠪᠠ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠪᠡ︔ ︽ᠬᠤᠶᠠᠷ ᠢ ᠬᠥᠩᠭᠡᠷᠡᠭᠦᠯᠬᠦ︾ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ ᠡᠯ᠎ᠡ ᠰᠤᠷᠭᠠᠭᠤᠯᠢ ᠨᠤᠭᠤᠳ ︽ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠣᠭᠤᠷᠢᠨ ᠳᠤ᠂ ᠳᠠᠰᠬᠠᠯ ᠤᠨ ᠵᠢᠷᠤᠭ ᠲᠥᠯᠥᠪᠯᠡᠭᠡ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠬᠢᠴᠢᠶᠡᠯ ᠤᠨ ᠲᠠᠩᠬᠢᠮ ᠤᠨ ᠦᠷ᠎ᠡ ᠪᠦᠲᠦᠮᠵᠢ ᠶᠢ ᠶᠡᠭᠡ ᠪᠡᠷ‌‍ᠲ᠋ᠡᠭᠡᠭᠰᠢᠯᠡᠭᠦᠯᠪᠡ ︔ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠥᠬᠦ ᠲᠠᠯ᠎ᠠ ᠪᠠᠷ ᠬᠠᠰᠤᠵᠤ᠂ ︽ᠬᠤᠶᠠᠷ ᠢ ᠬᠥᠩᠭᠡᠷᠡᠭᠦᠯᠬᠦ︾ ᠠᠵᠢᠯ ᠨᠡᠯᠢᠶᠡᠳ ᠰᠠᠶᠢᠨ ᠦᠷ᠎ᠡ ᠪᠦᠲᠦᠮᠵᠢ ᠣᠯᠪᠠ ᠭᠡᠵᠡᠢ᠃    ᠰᠢᠪᠠᠳᠠᠨ ᠵᠢᠯᠤᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠎ ᠨᠢ᠂ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ︽ᠬᠤᠶᠠᠷ ᠢ ᠬᠥᠩᠭᠡᠷᠡᠭᠦᠯᠬᠦ︾᠎ ᠶᠢ ᠬᠠᠮᠵᠢᠯᠴᠠᠨ ᠨᠠᠶᠢᠳᠠᠪᠤᠷᠢᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠎ ᠢ ᠪᠣᠶ ᠪᠣᠯᠭᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠶᠢᠨ ᠳᠤᠲᠤᠨ᠎ᠠ ᠭᠠᠳᠠᠨ᠎ᠠ ᠶᠢᠨ ᠎ ᠬᠢᠨ ᠤ ᠬᠠᠮᠲᠤᠷᠠᠨ ᠬᠦᠴᠦᠯᠡᠬᠦ ᠶᠢ ᠠᠬᠢᠭᠤᠯᠵᠤ ᠂ ︽ ᠬᠤᠶᠠᠷ ᠢ ᠬᠥᠩᠭᠡᠷᠡᠭᠦᠯᠬᠦ︾ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1