ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 14 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/7
   
1_副本.jpg
       11 ᠰᠠᠷ᠎ᠠ ᠶᠢᠨ 3᠎ ᠤ ᠡᠳᠦᠷ᠂ ᠲᠣᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 14 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠶᠠᠨ ᠪᠥᠸᠧ᠂ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ᠂ ᠶᠠᠩ ᠰᠢᠨ ᠢᠦᠢ ᠬᠤᠷᠠᠯ ᠳᠤ ᠣᠷᠣᠯᠴᠠᠵᠤ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ᠂ ︽ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠳᠤ ᠰᠢᠯᠵᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾᠎ ᠢ ᠤᠯᠠᠮᠵᠢᠯᠠᠨ ᠰᠤᠷᠤᠯᠴᠠᠵᠤ ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠠᠴᠠ ᠂ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ᠵᠢᠴᠢ ᠳᠡᠭᠡᠳᠦ ᠱᠠᠲᠤᠨ ᠤ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠡᠵᠡᠮᠰᠢᠬᠦ ᠬᠡᠷᠡᠭᠲᠡᠢ ᠃ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠪᠦᠲᠦᠮᠵᠢᠲᠡᠶ ᠤᠶᠠᠯᠳᠤᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠰᠢᠷᠢᠰ ᠳᠡᠮᠵᠢᠬᠦ ᠲᠥᠷᠥ ᠶᠢᠨ ᠪᠣᠳᠣᠯᠭ᠎ᠠ ᠶᠢᠨ ᠴᠢᠬᠤᠯᠠ ᠴᠣᠩᠬᠤᠪᠴᠢ ᠬᠤᠭᠤᠴᠠᠭ᠎ᠠ᠂ ᠠᠵᠠ ᠲᠣᠬᠢᠶᠠᠯᠳᠤ ᠬᠤᠭᠤᠴᠠᠭ᠎ᠠ ᠶᠢ ᠪᠥᠬᠦ ᠬᠦᠴᠦᠨ ᠢᠶᠠᠷ ᠢᠶᠠᠨ ᠵᠠᠪᠳᠤᠨ ᠠᠳᠬᠤᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ ᠳᠡᠭᠡᠳᠦ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠤᠨ᠂ ᠳᠡᠭᠡᠳᠦ ᠱᠠᠲᠤᠨ ᠤ ᠲᠥᠷᠥᠯ ᠵᠦᠢᠯ ᠪᠠ ᠪᠡᠯᠡ ᠮᠥᠩᠭᠦ ᠶᠢᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠨ ᠣᠯᠵᠤ᠂ ᠮᠠᠨ ᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠪᠣᠯᠣᠨ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠢᠶᠠᠷ ᠤᠷᠤᠭᠰᠢᠯᠠᠬᠤ︾ ᠵᠢᠴᠢ ᠤᠯᠠᠭᠠᠨᠬᠠᠳᠠ ᠬᠤᠲᠠ ᠶᠢᠨ ᠲᠡᠷᠢᠭᠦᠨ ᠳᠤ ᠣᠷᠣᠬᠤ ᠪᠠᠷ ᠴᠢᠷᠮᠠᠶᠢᠬᠤ ᠬᠠᠷᠠᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ ᠪᠠᠷ ᠳᠠᠬᠢᠨ ᠬᠤᠷᠳᠤᠴᠠ ᠪᠠᠨ ᠲᠦᠷᠭᠡᠳᠬᠡᠵᠦ ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨ ᠴᠢᠩᠭᠠᠳᠬᠠᠵᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠲᠠᠯ᠎ᠠ ᠪᠠᠷ ᠳᠠᠬᠢᠨ ᠠᠬᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠥᠯ ᠤᠨ ᠤᠷᠬᠢᠯ ᠳᠤ ᠬᠦᠷᠴᠦ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠲᠣᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠭᠤᠲᠤᠮᠵᠢ ᠶᠢᠨ ᠬᠢᠨ ᠤᠯᠠᠮ ᠨᠢᠭᠡ ᠠᠯᠬᠤᠮ ᠬᠠᠮᠲᠤᠷᠠᠯᠴᠠᠨ ᠬᠠᠮᠵᠢᠯᠴᠠᠵᠤ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠪᠠᠷᠢᠮᠲᠠᠯᠠᠵᠤ᠂ ᠡᠨᠧᠷᠭᠢ ᠬᠡᠷᠡᠭᠯᠡᠬᠦ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾᠎ ᠶᠢᠨ ᠡᠨᠧᠷᠭᠢ ᠠᠷᠪᠢᠯᠠᠬᠤ ᠣᠨᠣᠰᠢᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠥᠭᠡᠷᠡᠴᠢᠯᠡᠨ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠬᠡᠷᠡᠭᠯᠡᠬᠦ ᠬᠦᠴᠦᠯᠡᠴᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠢᠩᠭ᠎ᠠ ᠬᠦᠴᠦᠯᠡᠴᠡ ᠲᠠᠢ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠨᠧᠷᠭᠢ ᠶᠢᠨ ᠬᠤᠷᠣᠭᠳᠠᠯ ᠤᠨ ᠣᠷᠣᠨ ᠵᠠᠢ ᠶᠢ ᠭᠦᠢᠴᠡᠳ ᠦᠯᠡᠳᠡᠭᠡᠵᠦ ᠥᠭᠬᠦ ᠬᠡᠷᠡᠭᠲᠡᠢ᠃ ᠳᠡᠭᠡᠳᠦ ᠱᠠᠲᠤᠨ ᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠴᠢᠩᠭ᠎ᠠ ᠠᠩᠬᠠᠷᠴᠤ ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠎ ᠶᠢᠨ ᠳᠠᠪᠬᠤᠷ ᠢᠰᠥᠯ ᠤᠨ ᠤᠷᠬᠢᠯ ᠳᠤ ᠬᠦᠷᠭᠡᠬᠦ ᠪᠠ ᠠᠵᠢᠯ ᠤᠨ ᠱᠠᠲᠤ ᠦᠶ᠎ᠡ ᠶᠢᠨ ᠣᠨᠴᠠᠯᠢᠭ ᠪᠣᠯᠣᠨ ᠬᠠᠷᠠᠯᠲᠠ ᠡᠭᠦᠷᠭᠡ ᠶᠢᠨ ᠲᠣᠭᠤᠷᠢᠨ ᠳᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠬᠢᠨᠠᠨ ᠰᠢᠯᠭᠠᠬᠤ ᠭᠤᠣᠯ ᠴᠣᠭᠴᠠ ᠂ ᠲᠤᠭ᠎ᠠ ᠪᠠᠷᠢᠮᠲᠠ ᠶᠢᠨ ᠲᠣᠭᠠᠴᠠᠭ᠎ᠠ ᠬᠢᠬᠦ ᠂ ᠬᠢᠨᠠᠨ ᠰᠢᠯᠭᠠᠬᠤ ᠲᠣᠭᠲᠠᠴᠠ ᠵᠡᠷᠭᠡ ᠡᠯ᠎ᠡ ᠵᠦᠢᠯ ᠤᠨ ᠢᠵᠢ ᠪᠦᠷᠢᠳᠦᠭᠰᠡᠨ ᠳᠦᠷᠢᠮ ᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠵᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠬᠠᠷᠠᠯᠲᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ  ᠵᠢᠭᠠᠵᠤ ᠭᠠᠷᠭᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1