| | | 11 ᠰᠠᠷ᠎ᠠ ᠶᠢᠨ 3 ᠤ ᠡᠳᠦᠷ᠂ ᠶᠤᠸᠠᠨ ᠪᠦᠦ ᠱᠠᠨ ᠲᠣᠭᠤᠷᠢᠭ ︽ᠦᠵᠡᠰᠬᠦᠯᠡᠩᠲᠦ ᠰᠠᠶᠢᠬᠠᠨ ᠭᠡᠷ ᠣᠷᠣᠨ︾ | ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ | ᠬᠤᠲᠠ ᠶᠢᠨ ᠡᠮᠡᠭᠲᠡᠶᠢᠴᠦᠳ ᠤᠨ ᠬᠤᠯᠪᠤᠭᠠᠨ ᠤ ᠳᠡᠳ᠋ ᠲᠡᠷᠢᠭᠦᠯᠡᠭᠴᠢ ᠮᠧᠶ ᠬᠤᠸᠠ᠂ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠭᠦᠸᠧ ᠵᠢᠶᠦ᠋ᠨ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ ᠬᠤᠷᠠᠯ ᠳᠤ ᠣᠷᠣᠯᠴᠠᠵᠤ᠂ | ᠲᠣᠭᠤᠷᠢᠭ ᠤᠨ ︽ᠦᠵᠡᠰᠬᠦᠯᠡᠩᠲᠦ ᠰᠠᠶᠢᠬᠠᠨ ᠭᠡᠷ ᠣᠷᠣᠨ︾ ᠤ ᠪᠦᠲᠦᠭᠡᠨ ᠪᠠᠶᠢᠭᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠡᠯ᠎ᠡ ᠪᠠᠯᠭᠠᠰᠤ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠡᠮᠡᠭᠲᠡᠶᠢᠴᠦᠳ ᠤᠨ | ᠬᠤᠯᠪᠤᠭᠠᠨ ᠤ ᠲᠡᠷᠢᠭᠦᠯᠡᠭᠴᠢ᠂ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠲᠤᠰᠢᠶᠠᠯ ᠬᠠᠪᠰᠤᠷᠭᠠᠭᠰᠠᠨ | ᠲᠡᠷᠢᠭᠦᠯᠡᠭᠴᠢ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠡᠯ᠎ᠡ ᠪᠠᠯᠭᠠᠰᠤ ᠰᠢᠶᠠᠩ ᠤᠨ ᠬᠢᠨ ︽ᠦᠵᠡᠰᠬᠦᠯᠡᠩᠲᠦ ᠰᠠᠶᠢᠬᠠᠨ ᠭᠡᠷ ᠣᠷᠣᠨ︾ ᠤ | ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ PPT | ᠶᠢᠨ ᠦᠵᠡᠭᠦᠯᠦᠯᠭᠡ ᠬᠢᠭᠰᠡᠨ ᠪᠠᠶᠢᠨ᠎ᠠ᠃ | ᠮᠧᠶ ᠬᠤᠸᠠ ᠮᠠᠨ ᠤ ᠲᠣᠭᠤᠷᠢᠭ ᠤᠨ ︽ ᠦᠵᠡᠰᠬᠦᠯᠡᠩᠲᠦ ᠰᠠᠶᠢᠬᠠᠨ ᠭᠡᠷ ᠣᠷᠣᠨ︾ ᠤ ᠪᠦᠲᠦᠭᠡᠨ | ᠪᠠᠶᠢᠭᠤᠯᠤᠯᠲᠠ ᠶᠢᠨ ᠠᠵᠢᠯ ᠳᠤ ᠨᠡᠯᠢᠶᠡᠳ ᠥᠨᠳᠥᠷ ᠦᠨᠡᠯᠡᠯᠲᠡ ᠥᠭᠴᠡᠢ᠃ ᠲᠡᠷᠡ ᠂ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠂ ᠦᠵᠡᠰᠬᠦᠯᠡᠩᠲᠦ ᠰᠠᠶᠢᠬᠠᠨ ᠭᠡᠷ | ᠣᠷᠣᠨ ᠢ ᠪᠦᠲᠦᠭᠡᠨ ᠪᠠᠶᠢᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠡᠭᠦᠷᠭᠡ | ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠡᠮᠡᠭᠲᠡᠶᠢᠴᠦᠳ ᠤᠨ ᠬᠦᠰᠡᠯ ᠡᠷᠡᠮᠡᠯᠵᠡᠯ ᠪᠣᠯᠣᠨ᠎ᠠ ᠃ ᠪᠦᠬᠦ | ᠬᠤᠳᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠢᠷᠡᠭᠡᠳᠦᠢ ᠳᠤ | ᠦᠷᠭᠦᠯᠵᠢᠯᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠰᠢ ᠶᠢᠨ | ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠪᠣᠯᠣᠨ ᠡᠮᠡᠭᠲᠡᠶᠢᠴᠦᠳ ᠤᠨ ᠬᠤᠯᠪᠤᠭᠠᠨ ᠤ ᠠᠵᠢᠯ ᠤᠨ | ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠠᠮᠲᠤᠪᠠᠷ ᠬᠠᠷᠢᠭᠤᠴᠠᠯᠭ᠎ᠠ ᠡᠭᠦᠷᠭᠡᠯᠡᠵᠦ᠂ | ᠢᠳᠡᠪᠬᠢᠲᠡᠢ ᠠᠵᠢᠯᠯᠠᠵᠤ ᠂ ᠬᠥᠬᠡᠮᠳᠦᠭ ᠨᠣᠭᠤᠭᠠᠨ ᠠᠭᠤᠯᠠ ᠤᠰᠤ ᠂ ᠲᠠᠩᠰᠤᠭ ᠰᠠᠶᠢᠬᠠᠨ ᠤᠮᠠᠷᠠᠲᠤ ᠶᠢᠨ ᠰᠢᠨ᠎ᠡ | ᠬᠠᠯᠬᠠᠪᠴᠢ ᠶᠢ ᠬᠠᠮᠲᠤᠪᠠᠷ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠯᠢ ᠭᠦᠸᠧ ᠵᠢᠶᠦ᠋ᠨ᠂ ︽ᠦᠵᠡᠰᠬᠦᠯᠡᠩᠲᠦ ᠰᠠᠶᠢᠬᠠᠨ ᠭᠡᠷ ᠣᠷᠣᠨ︾ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠪᠣᠯ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠲᠦᠯᠬᠢᠨ ᠠᠬᠢᠭᠤᠯᠬᠤ ᠴᠢᠬᠤᠯᠠ ᠠᠷᠭ᠎ᠠ | ᠪᠠᠷᠢᠯ ᠮᠥᠨ᠃ ᠡᠯ᠎ᠡ ᠪᠠᠯᠭᠠᠰᠤ ᠰᠢᠶᠠᠩ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ︽ᠦᠵᠡᠰᠬᠦᠯᠡᠩᠲᠦ ᠰᠠᠶᠢᠬᠠᠨ | ᠭᠡᠷ ᠣᠷᠣᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢᠨ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ | ᠬᠡᠷᠡᠭᠲᠡᠢ᠃ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ ᠂ ︽ ᠠᠷᠢᠭᠤᠨ ᠴᠡᠪᠡᠷ ᠂ ᠭᠤᠶᠤ ᠰᠠᠶᠢᠬᠠᠨ ᠂ | ᠪᠠᠶᠠᠨ ᠴᠢᠨᠡᠭᠡᠯᠢᠭ ᠂ ᠡᠶ᠎ᠡ ᠨᠠᠶᠢᠷᠠᠮᠳᠠᠭᠤ ︾ ᠲᠦᠷᠪᠡᠨ ᠶᠡᠭᠡ ᠠᠵᠢᠯᠯᠠᠭ᠎ᠠ ᠶᠢ ᠭᠦᠨᠵᠡᠭᠡᠶᠢᠷᠡᠭᠦᠯᠵᠦ ᠂ ︽ | ᠦᠵᠡᠰᠬᠦᠯᠡᠩᠲᠦ ᠰᠠᠶᠢᠬᠠᠨ ᠭᠡᠷ ᠣᠷᠣᠨ ︾ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠡᠯ᠎ᠡ ᠵᠦᠢᠯ ᠤᠨ | ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠡᠶᠡᠯᠡᠭᠦᠯᠵᠦ ᠂ ᠠᠵᠢᠯ ᠢᠶᠠᠨ ᠰᠢᠰᠲ᠋ᠧᠮ ᠲᠠᠢ ᠲᠣᠬᠢᠷᠠᠭᠤᠯᠤᠨ | ᠪᠠᠶᠢᠷᠢᠯᠠᠭᠤᠯᠵᠤ ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ ᠃ | ᠡᠯ᠎ᠡ ᠲᠠᠯ᠎ᠠ ᠶᠢᠨ ᠬᠦᠴᠦᠨ ᠲᠠᠢ ᠬᠠᠮᠵᠢᠯᠴᠠᠨ ᠂ ᠵᠣᠬᠢᠶᠠᠨ ᠪᠠᠶᠢᠭᠤᠯᠵᠤ ᠤᠳᠤᠷᠢᠳᠬᠤ ᠂ ᠤᠬᠠᠭᠤᠯᠵᠤ ᠬᠥᠲᠥᠯᠥᠨ | ᠳᠠᠭᠠᠭᠤᠯᠬᠤ ᠂ ᠬᠢᠨᠠᠨ ᠵᠢᠯᠤᠭᠤᠳᠴᠤ ᠬᠢᠨᠠᠨ ᠰᠢᠯᠭᠠᠬᠤ ᠭᠤᠷᠪᠠᠨ ᠲᠠᠯ᠎ᠠ ᠶᠢ ᠴᠢᠩᠭᠠᠳᠬᠠᠵᠤ ᠂ ︽ ᠦᠵᠡᠰᠬᠦᠯᠡᠩᠲᠦ | ᠰᠠᠶᠢᠬᠠᠨ ᠭᠡᠷ ᠣᠷᠣᠨ ︾ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠪᠣᠳᠠᠲᠠᠢ ᠪᠥᠭᠡᠳ ᠪᠦᠲᠦᠮᠵᠢᠲᠡᠢ | ᠪᠠᠶᠢᠬᠤ ᠶᠢ ᠪᠠᠲᠤᠯᠠᠵᠤ ᠂ ︽ ᠠᠷᠢᠭᠤᠨ ᠴᠡᠪᠡᠷ ᠂ ᠭᠤᠶᠤ ᠰᠠᠶᠢᠬᠠᠨ ᠂ ᠪᠠᠶᠠᠨ ᠴᠢᠨᠡᠭᠡᠯᠢᠭ ᠂ ᠡᠶ᠎ᠡ ᠨᠠᠶᠢᠷᠠᠮᠳᠠᠭᠤ ︾ ︽ | ᠦᠵᠡᠰᠬᠦᠯᠡᠩᠲᠦ ᠰᠠᠶᠢᠬᠠᠨ ᠭᠡᠷ ᠣᠷᠣᠨ ︾ ᠮᠠᠨ ᠤ ᠲᠣᠭᠤᠷᠢᠭ ᠲᠤ ᠭᠠᠵᠠᠷ ᠪᠣᠯᠭᠠᠨ ᠳᠤ ᠲᠦᠭᠡᠬᠦ ᠶᠢ ᠠᠬᠢᠭᠤᠯᠵᠤ ᠂ | ᠶᠤᠸᠠᠨ ᠪᠦᠦ ᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠦᠭ ᠰᠦᠨᠡᠰᠦ ᠶᠢ | ᠱᠤᠭᠤᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | |