ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 14 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/7
    11 ᠰᠠᠷ᠎ᠠ ᠶᠢᠨ 3᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 14 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠸᠠᠩ ᠶᠠᠨ ᠪᠥᠸᠧ᠂ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠠᠢ᠃ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ︽ ᠶᠤᠸᠠᠨ ᠪᠦᠦ ᠱᠠᠨ ᠲᠣᠭᠤᠷᠢᠭ ᠤᠨ ︿ ᠬᠥᠮᠥᠨ ᠠᠮᠠ ᠶᠢ ᠲᠠᠬᠢᠨ ᠪᠦᠲᠦᠭᠡᠬᠦ ﹀ ᠎ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵ ᠶᠠᠷᠢᠯᠴᠠᠬᠤ ᠨᠣᠣᠷᠠᠭ ︶ ︾ ᠂ ︽ ᠶᠤᠸᠠᠨ ᠪᠦᠦ ᠱᠠᠨ ᠲᠣᠭᠤᠷᠢᠭ ᠤᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵ ᠶᠠᠷᠢᠯᠴᠠᠬᠤ ᠨᠣᠣᠷᠠᠭ ︶ ︾ ᠂ ︽ ᠶᠤᠸᠠᠨ ᠪᠦᠦ ᠱᠠᠨ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠤᠨ ᠬᠡᠷᠡᠭᠵᠢᠭᠦᠯᠬᠦ ᠲᠥᠰᠥᠯ ︵ ᠶᠠᠷᠢᠯᠴᠠᠬᠤ ᠨᠣᠣᠷᠠᠭ ︶ ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠪᠡ ᠃ ᠲᠠᠷᠢᠶᠠᠯᠠᠩ ᠮᠠᠯᠵᠢᠯ ᠤᠨ ᠲᠠᠯᠠᠪᠠᠶ ᠳᠤ  ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠢ ᠬᠡᠷᠡᠭᠵᠢᠭᠦᠯᠬᠦ᠂ ᠭᠦ᠋ ᠱᠠᠨ ᠣᠶ ᠰᠢᠭᠤᠢ ᠶᠢᠨ ᠴᠡᠴᠡᠷᠯᠢᠭ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠬᠦ᠂ ᠶᠤᠸᠠᠨ ᠪᠦᠦ ᠱᠠᠨ ᠲᠣᠭᠤᠷᠢᠭ ᠤᠨ ᠣᠶᠤᠨᠴᠢ ᠦᠢᠯᠡᠳᠬᠦ ᠦᠢᠯᠡᠰ ᠪᠠ ᠬᠤᠲᠠ ᠶᠢᠨ ᠠᠭᠤᠰᠤᠯᠴᠠᠭᠰᠠᠨ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠢ 7 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠠᠯᠠᠪᠤᠷ ᠭᠠᠵᠠᠷ ᠢ ᠲᠡᠭᠰᠢᠯᠡᠬᠦ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃    ᠬᠤᠷᠠᠯ ᠠᠴᠠ ᠂ ᠬᠥᠮᠥᠨ ᠠᠮᠠ ᠴᠢᠳᠠᠪᠤᠷᠢᠲᠠᠨ ᠪᠣᠯ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠮᠥᠨ ᠃ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠨᠢ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ ᠂ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠲᠦᠷᠦᠯ ᠤᠨ ᠴᠢᠳᠠᠪᠤᠷᠢᠲᠠᠨ ᠳᠤ ᠣᠯᠣᠯᠴᠠᠨ ᠰᠣᠯᠢᠯᠴᠠᠬᠤ ᠲᠠᠪᠴᠠᠩ ᠢ ᠢᠳᠡᠪᠬᠢᠲᠡᠢ ᠪᠠᠶᠢᠭᠤᠯᠵᠤ ᠂ ᠨᠡᠩ ᠥᠨᠳᠥᠷ ᠵᠣᠭᠰᠣᠴᠠ ᠂ ᠨᠡᠩ ᠥᠷᠭᠡᠨ ᠬᠠᠷᠠᠭᠠᠰᠤ ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠬᠥᠮᠥᠨ ᠠᠮᠠ ᠴᠢᠳᠠᠪᠤᠷᠢᠲᠠᠨ ᠢ ᠪᠦᠬᠦ ᠲᠠᠯ᠎ᠠ ᠪᠠᠷ ᠳᠠᠳᠠᠨ ᠣᠷᠣᠭᠤᠯᠵᠤ ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠥᠮᠥᠨ ᠠᠮᠠ ᠴᠢᠳᠠᠪᠤᠷᠢᠲᠠᠨ ᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠥᠯ ᠢ ᠤᠷᠬᠢᠯ ᠳᠤ ᠬᠦᠷᠭᠡᠬᠦ ᠶᠢ ᠪᠡᠶᠡᠯᠡᠭᠦᠯᠬᠦ ᠪᠠᠷ ᠴᠢᠷᠮᠠᠶᠢᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠷᠢᠨ ᠬᠢᠨᠠᠮᠠᠭᠠᠢ ᠪᠣᠳᠣᠯᠬᠢᠯᠠᠵᠤ ᠪᠠᠶᠢᠭᠠᠳ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ ᠃ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠢᠨ ᠨᠡᠭᠦᠷᠡᠰᠦᠲᠥ᠋ᠷᠥᠭᠴᠢ ᠎ ᠶᠢᠨ ᠳᠠᠪᠬᠤᠷ ᠢᠰᠥᠯ ᠢ ᠣᠷᠭᠢᠯ ᠳᠤ ᠬᠦᠷᠭᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠨ᠂ ᠬᠠᠷᠠᠯᠲᠠ ᠡᠭᠦᠷᠭᠡ ᠪᠠᠨ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠠᠵᠢᠯ ᠤᠨ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠣᠳᠠᠲᠠᠶᠢᠵᠢᠭᠤᠯᠵᠤ᠂ ᠲᠥᠪ ᠤᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠰᠢᠬᠦ ᠶᠢᠨ ᠬᠠᠮᠲᠤ ᠪᠠᠰᠠ ᠪᠣᠳᠠᠲᠠᠢ ᠳᠤ ᠰᠠᠭᠤᠷᠢᠯᠠᠨ᠂ ᠪᠠᠶᠢᠳᠠᠯ ᠢ ᠲᠣᠳᠣᠷᠬᠠᠢ ᠣᠶᠢᠯᠠᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠥᠯ ᠢ ᠣᠷᠭᠢᠯ ᠳᠤ ᠬᠦᠷᠭᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠵᠢᠱᠢᠭᠰᠡᠨ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ ᠂ ᠣᠷᠣᠨ ᠪᠦᠰᠡ ᠶᠢᠨ ᠵᠠᠮ ᠤᠨ ᠲᠣᠣᠷ ᠤᠨ ᠪᠦᠲᠦᠴᠡ ᠶᠢ ᠲᠡᠭᠦᠯᠳᠡᠷᠵᠢᠭᠦᠯᠬᠦ ᠨᠢ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠠᠵᠤ ᠦᠢᠯᠡᠰ ᠤᠨ ᠬᠥᠭᠵᠢᠯᠲᠡ ᠲᠠᠢ ᠠᠭᠤᠰᠤᠯᠴᠠᠭᠤᠯᠵᠤ ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ ᠂ ᠤᠯᠠᠨ ᠲᠦᠮᠡᠨ ᠤ ᠲᠦᠷᠭᠡᠨ ᠳᠦᠳᠡ ᠶᠠᠪᠤᠵᠤ ᠰᠠᠭᠤᠬᠤ ᠂ ᠠᠵᠤ ᠠᠬᠤᠢ ᠶᠢᠨ ᠬᠥᠭᠵᠢᠯᠲᠡ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠵᠢᠯᠴᠠᠨ ᠬᠠᠮᠵᠢᠯᠴᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠡᠯ᠎ᠡ ᠭᠤᠭᠴᠤᠭ᠎ᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠲᠥᠷᠥᠯ ᠵᠦᠢᠯ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠭᠦ᠋ ᠱᠠᠨ ᠣᠶ ᠰᠢᠭᠤᠢ ᠶᠢᠨ ᠴᠡᠴᠡᠷᠯᠢᠭ ᠪᠣᠯ ᠫᠢᠩᠵᠤᠸᠠᠩ ᠬᠤᠲᠠ ᠶᠢᠨ ᠲᠣᠭᠤᠷᠢᠭ ᠠᠴᠠ ᠤᠮᠠᠷᠠᠰᠢᠬᠢ ᠠᠮᠢ ᠠᠬᠤᠢ ᠶᠢᠨ ᠬᠠᠯᠬᠠᠪᠴᠢ ᠪᠣᠯᠣᠨ᠎ᠠ᠃ ᠮᠥᠨ ᠴᠦ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠬᠥᠳᠡᠯᠭᠡᠭᠡᠨ ᠬᠢᠬᠦ ᠰᠡᠯᠡᠭᠦᠴᠡᠯ ᠤᠨ ᠲᠠᠯᠠᠪᠤᠷ ᠪᠣᠯᠬᠤᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠭᠤᠣᠯ ᠴᠣᠭᠴᠠ ᠶᠢ ᠲᠦᠷᠭᠡᠬᠡᠨ ᠲᠣᠭᠲᠠᠭᠠᠵᠤ᠂ ᠬᠡᠷᠡᠭᠵᠢᠭᠦᠯᠬᠦ ᠭᠤᠣᠯ ᠴᠣᠭᠴᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠴᠢᠩᠭ᠎ᠠ ᠬᠠᠮᠢᠶᠠᠷᠤᠨ ᠡᠵᠡᠮᠳᠡᠵᠦ᠂ ᠴᠡᠴᠡᠷᠯᠢᠭ ᠤᠨ ᠨᠣᠭᠤᠭᠠᠷᠠᠭᠤᠯᠵᠤ ᠭᠤᠶᠣᠵᠢᠭᠤᠯᠬᠤ ᠦᠷ᠎ᠡ ᠪᠦᠲᠦᠮᠵᠢ ᠶᠢ ᠪᠠᠲᠤᠯᠠᠨ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠬᠥ᠋ ᠱᠠᠨ  ᠣᠶ ᠰᠢᠭᠤᠢ ᠶᠢᠨ ᠴᠡᠴᠡᠷᠯᠢᠭ ᠢ ᠮᠠᠨ ᠤ ᠲᠣᠭᠤᠷᠢᠭ ᠤᠨ ᠨᠢᠭᠡᠨ ᠬᠠᠩᠭᠢᠨᠠᠮ᠎ᠠ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠲᠥᠪᠯᠡᠷᠡᠭᠦᠯᠦᠨ ᠬᠥᠭᠵᠢᠭᠦᠯᠬᠦ ᠣᠷᠣᠨ ᠤ ᠲᠥᠪᠯᠡᠷᠡᠭᠦᠯᠬᠦ ᠴᠢᠳᠠᠪᠬᠢ ᠶᠢ ᠳᠡᠭᠡᠭᠰᠢᠯᠡᠭᠦᠯᠬᠦ ᠂ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠴᠢᠬᠤᠯᠠ ᠠᠴᠢᠶᠠᠯᠠᠪᠤᠷᠢ ᠪᠣᠯᠣᠨ᠎ᠠ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠲᠠᠯᠠᠪᠤᠷ ᠢ ᠲᠡᠭᠰᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠲᠦᠷᠦᠯ ᠵᠦᠢᠯ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠂ ᠨᠡᠩ ᠤᠯᠠᠨ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠬᠤ ᠳᠤ ᠠᠰᠢᠭᠲᠠᠢ ᠨᠥᠬᠦᠴᠡᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1