ᠹᠧᠩ ᠱᠦᠢ ᠭᠧᠦ ᠪᠠᠯᠭᠠᠰᠤ᠄ ᠴᠠᠰᠤ ᠮᠥᠰᠥ ᠶᠢ ᠠᠷᠢᠯᠭᠠᠨ ᠴᠡᠪᠡᠷᠯᠡᠵᠦ᠂ ᠠᠷᠠᠳ ᠣᠯᠡᠨ ᠳᠤ ᠠᠮᠤᠷ ᠲᠥᠪᠰᠢᠨ ᠵᠠᠮ ᠢ ᠰᠠᠭᠠᠳ ᠦᠭᠡᠢ ᠨᠡᠪᠲᠡᠷᠡᠭᠦᠯᠵᠥ ᠥᠭᠭᠦᠨ᠎ᠡ
ᠨᠡᠶᠢᠲᠡᠯᠡᠭᠰᠡᠨ ᠴᠠᠭ᠄
2023/11/8
    11 ᠰᠠᠷ᠎ᠠ ᠶᠢᠨ 6᠎ ᠤ ᠡᠳᠦᠷ᠂ ᠬᠦᠴᠦᠲᠡᠢ ᠬᠦᠢᠲᠡᠨ ᠤᠷᠤᠰᠬᠠᠯ ᠤᠨ ᠨᠥᠯᠥᠭᠡᠯᠡᠯ ᠢᠶᠠᠷ ᠹᠧᠩ ᠱᠦᠢ ᠭᠧᠦ ᠪᠠᠯᠭᠠᠰᠤᠨ ᠤ ᠬᠠᠷᠢᠶ᠎ᠠ ᠣᠷᠣᠨ ᠳᠤ ᠶᠡᠭᠡ ᠬᠡᠪᠴᠢᠶᠡᠨ ᠤ ᠴᠠᠰᠤ ᠣᠷᠣᠵᠤ᠂ ᠣᠯᠠᠨ ᠵᠠᠮ ᠤᠨ ᠬᠡᠰᠡᠭ ᠲᠤ ᠠᠳᠠᠯᠢ ᠪᠤᠰᠤ ᠬᠡᠮᠵᠢᠶᠡᠨ ᠤ ᠴᠠᠰᠤ ᠬᠤᠷᠠᠵᠤ ᠮᠥᠰᠥ ᠬᠥᠯᠳᠡᠬᠦ ᠦᠵᠡᠭᠳᠡᠯ ᠭᠠᠷᠴᠠᠢ᠃ ᠬᠠᠷᠢᠶ᠎ᠠ ᠣᠷᠣᠨ ᠤ ᠳᠣᠲᠣᠷᠠᠬᠢ ᠭᠤᠣᠯ ᠵᠠᠮ᠂ ᠠᠶᠢᠯ ᠲᠣᠰᠬᠤᠨ ᠵᠡᠭᠡᠯᠢ ᠭᠤᠳᠤᠮᠵᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠵᠦ ᠂ ᠵᠠᠮ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠨ᠂ ᠨᠠᠭᠠᠰᠢ ᠴᠠᠭᠠᠰᠢ ᠵᠣᠷᠴᠢᠭᠴᠢᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠹᠧᠩ ᠱᠦᠢ ᠭᠧᠦ ᠪᠠᠯᠭᠠᠰᠤ ᠶᠢᠨ ᠬᠢᠨ ᠡᠯ᠎ᠡ ᠲᠣᠰᠬᠤᠨ ︵ᠨᠡᠶᠢᠭᠡᠮ ᠲᠣᠭᠤᠷᠢᠭ︶᠎ ᠤ ᠠᠵᠢᠯᠲᠠᠳ ᠢ ᠳᠠᠷᠤᠶᠢᠬᠠᠨ ᠵᠣᠬᠢᠶᠠᠨ ᠪᠠᠶᠢᠭᠤᠯᠵᠤ᠂ ᠴᠠᠰᠤ ᠶᠢ ᠴᠡᠪᠡᠷᠯᠡᠨ ᠵᠠᠮ ᠨᠡᠪᠲᠡᠷᠡᠭᠦᠯᠬᠦ ᠠᠵᠢᠯ ᠳᠤ ᠲᠦᠷᠭᠡᠨ ᠣᠷᠣᠯᠴᠠᠭᠤᠯᠵᠤ᠂ ᠬᠠᠷᠢᠶ᠎ᠠ ᠣᠷᠣᠨ ᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
1_副本.jpg
       ᠹᠧᠩ ᠱᠦᠢ ᠭᠧᠦ ᠪᠠᠯᠭᠠᠰᠤ ᠶᠢᠨ ᠬᠢᠨ ᠶᠡᠭᠡ ᠴᠠᠰᠤ ᠲᠠᠢ ᠴᠠᠭ ᠠᠭᠤᠷ ᠤᠨ ᠰᠡᠷᠡᠮᠵᠢᠯᠡᠭᠦᠯᠦᠯ ᠳᠤ ᠴᠢᠭᠯᠡᠭᠦᠯᠦᠨ ᠨᠠᠷᠢᠨ ᠨᠢᠮᠪᠠᠢ ᠪᠠᠶᠢᠷᠢᠯᠠᠭᠤᠯᠤᠯᠲᠠ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠬᠠᠮᠤᠭ ᠤᠨ ᠲᠡᠷᠢᠭᠦᠨ ᠳᠤ ᠡᠬᠢᠯᠡᠨ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠨ ᠂ ᠪᠥᠬᠦ ᠪᠠᠯᠭᠠᠰᠤ ᠶᠢᠨ ᠳᠡᠭᠡᠳᠦ ᠳᠣᠣᠷᠠᠳᠤ ᠱᠠᠲᠤᠨ ᠤ ᠬᠢᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ︔ ᠡᠯ᠎ᠡ ᠲᠣᠰᠬᠤᠨ ︵ ᠨᠡᠶᠢᠭᠡᠮ ᠲᠣᠭᠤᠷᠢᠭ ︶᠎ ᠤ ᠬᠢᠨ ᠬᠥᠮᠥᠰ ᠢ ᠵᠣᠬᠢᠶᠠᠨ ᠪᠠᠶᠢᠭᠤᠯᠤᠨ ᠵᠠᠮ ᠳᠡᠭᠡᠷ᠎ᠡ ᠬᠤᠷᠠᠭᠰᠠᠨ ᠴᠠᠰᠤ ᠶᠢ ᠳᠠᠷᠤᠶᠢᠬᠠᠨ ᠴᠡᠪᠡᠷᠯᠡᠵᠦ ᠂ ᠴᠠᠰᠤ ᠣᠷᠤᠭᠰᠠᠨ ᠠᠴᠠ ᠪᠣᠯᠤᠭᠰᠠᠨ ᠤᠯᠠᠨ ᠲᠦᠮᠡᠨ ᠤ ᠶᠠᠪᠤᠵᠤ ᠰᠠᠭᠤᠬᠤ ᠳᠤ ᠦᠵᠡᠭᠦᠯᠬᠦ ᠠᠰᠢᠭ ᠦᠭᠡᠢ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃    ᠸᠢᠴᠠᠲ ᠬᠤᠯᠪᠤᠭ᠎ᠠ ᠂ ᠲᠣᠰᠬᠤᠨ ᠨᠡᠶᠢᠭᠡᠮ ᠲᠣᠭᠤᠷᠢᠭ ᠤᠨ ᠲᠠᠪᠴᠠᠩ ᠂ ᠪᠦᠷᠢᠶ᠎ᠡ ᠵᠡᠷᠭᠡ ᠤᠬᠠᠭᠤᠯᠭ᠎ᠠ ᠶᠢᠨ ᠠᠴᠢᠶᠠᠯᠠᠪᠤᠷᠢ ᠪᠠᠷ ᠳᠠᠮᠵᠢᠭᠤᠯᠤᠨ᠂ ᠪᠠᠶᠢᠭᠤᠯᠭ᠎ᠠ ᠶᠢᠨ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ ᠢ ᠳᠠᠶᠢᠴᠢᠯᠠᠨ ᠬᠤᠷᠠᠭᠰᠠᠨ ᠴᠠᠰᠤ ᠶᠢ ᠠᠷᠢᠯᠭᠠᠬᠤ᠂ ᠵᠦᠭᠡᠭᠡᠪᠥᠷᠢᠯᠡᠬᠦ ᠠᠵᠢᠯ ᠳᠤ ᠢᠳᠡᠪᠬᠢᠲᠡᠢ ᠣᠷᠣᠯᠴᠠᠭᠤᠯᠵᠤ᠂ ᠬᠠᠷᠢᠶ᠎ᠠ ᠣᠷᠣᠨ ᠤ ᠵᠡᠭᠡᠯᠢ ᠳᠠᠭᠠᠭᠰᠠᠨ ᠬᠤᠳᠠᠯᠳᠤᠭ᠎ᠠ ᠳᠡᠯᠭᠡᠭᠦᠷ ᠤᠳ ᠢ ᠬᠥᠲᠥᠯᠥᠨ ᠵᠢᠯᠤᠭᠤᠳᠴᠤ ᠪᠠᠶᠢᠭᠠᠳ ᠡᠭᠦᠳᠡᠨ ᠡᠮᠦᠨᠡᠬᠢ ᠴᠠᠰᠤ ᠪᠠᠨ ᠠᠷᠢᠯᠭᠠᠬᠤ ᠠᠵᠢᠯ ᠢ ᠰᠠᠶᠢᠲᠤᠷ ᠬᠢᠯᠭᠡᠪᠡ᠃ ᠸᠢᠴᠠᠲ ᠠᠵᠢᠯ ᠤᠨ ᠬᠤᠯᠪᠤᠭᠠᠨ ᠳᠤ ᠠᠮᠤᠷ ᠲᠦᠪᠰᠢᠨ ᠤ ᠰᠠᠨᠠᠭᠤᠯᠤᠮᠵᠢ ᠨᠡᠶᠢᠲᠡᠯᠡᠵᠦ᠂ ᠬᠠᠯᠲᠤᠷᠢᠬᠤ ᠳᠤ ᠬᠢᠯᠪᠠᠷ ᠭᠠᠵᠠᠷ ᠲᠤ ᠬᠠᠯᠲᠤᠷᠢᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠪᠠ ᠰᠡᠷᠡᠮᠵᠢ ᠶᠢᠨ ᠫᠠᠶᠢᠰᠠ ᠲᠠᠯᠪᠢᠬᠤ᠂ ᠨᠠᠭᠠᠰᠢ ᠴᠠᠭᠠᠰᠢ ᠥᠩᠭᠡᠷᠡᠬᠦ ᠶᠠᠪᠠᠭᠠᠨ ᠬᠥᠮᠥᠨ ᠪᠠ ᠵᠢᠯᠣᠭᠤᠴᠢ ᠨᠠᠯᠠᠤ ᠵᠠᠮ᠂ ᠮᠤᠷᠤᠶᠢᠬᠤ ᠵᠡᠷᠭᠡ ᠵᠠᠮ ᠬᠠᠷᠢᠯᠴᠠᠭᠠᠨ ᠤ ᠠᠳᠡᠯ ᠠᠮᠠᠷᠬᠠᠨ ᠭᠠᠷᠬᠤ ᠵᠠᠮ ᠢᠶᠠᠷ ᠥᠩᠭᠡᠷᠡᠬᠦ ᠳᠡᠭᠡᠨ ᠪᠣᠯᠭᠤᠮᠵᠢᠲᠠᠢ ᠪᠠᠶᠢᠬᠤ ᠶᠢ ᠰᠠᠨᠠᠭᠤᠯᠪᠠ︔ ᠲᠠᠷᠢᠵᠦ ᠲᠡᠵᠢᠭᠡᠬᠦ ᠡᠷᠥᠬᠡ ᠳᠤ ᠲᠠᠷᠢᠶᠠᠯᠠᠩ ᠤᠨ ᠲᠥᠬᠦᠭᠡᠷᠦᠮᠵᠢ ᠶᠢ ᠰᠡᠯᠪᠢᠨ ᠵᠠᠰᠠᠬᠤ ᠂ ᠪᠠᠬᠢᠵᠢᠭᠦᠯᠬᠦ ᠠᠵᠢᠯ ᠢ ᠰᠠᠶᠢᠲᠤᠷ ᠬᠢᠵᠦ ᠂ ᠴᠠᠰᠤ ᠬᠡᠲᠥᠷᠬᠡᠢ ᠬᠤᠷᠠᠭᠰᠠᠨ ᠎ ᠠᠴᠠ ᠪᠣᠯᠵᠤ ᠬᠦᠯᠡᠮᠵᠢ ᠶᠢ ᠳᠠᠷᠤᠵᠤ ᠨᠤᠷᠠᠭᠠᠭᠠᠳ ᠠᠵᠤ ᠠᠬᠤᠢ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠪᠠ᠃    ᠡᠯ᠎ᠡ ᠲᠣᠰᠬᠤᠨ ︵ ᠨᠡᠶᠢᠭᠡᠮ ᠲᠣᠭᠤᠷᠢᠭ ︶᠎ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠂ ᠰᠠᠶᠢᠨ ᠳᠤᠷ᠎ᠠ ᠶᠢᠨ ᠦᠢᠯᠡᠴᠢᠯᠡᠭᠴᠢᠳ ᠦᠳᠲᠡᠷ ᠲᠦᠷᠭᠡᠨ ᠴᠤᠤᠷᠢᠶᠠᠲᠤᠨ ᠲᠠᠭᠠᠵᠦ ᠂ ᠢᠳᠡᠪᠬᠢᠲᠡᠢ ᠣᠷᠣᠯᠴᠠᠵᠤ ᠂ ᠤᠯᠠᠨ ᠢᠶᠠᠷ ᠢᠶᠠᠨ ᠬᠦᠷᠵᠡ ᠂ ᠱᠦᠭᠦᠷ ᠪᠠᠷᠢᠵᠤ᠂ ᠴᠠᠰᠤ ᠰᠢᠭᠤᠷᠭ᠎ᠠ ᠶᠢ ᠤᠭᠲᠤᠨ ᠬᠠᠷᠢᠶ᠎ᠠ ᠣᠷᠣᠨ ᠤ ᠪᠠᠨ ᠴᠠᠰᠤ ᠬᠤᠷᠠᠨ ᠮᠥᠰᠥ ᠬᠥᠯᠳᠡᠭᠰᠡᠨ ᠵᠠᠮ ᠢ ᠪᠦᠬᠦ ᠲᠠᠯ᠎ᠠ ᠪᠠᠷ ᠴᠡᠪᠡᠷᠯᠡᠪᠡ ᠃ ᠶᠡᠭᠡ ᠲᠠᠯᠠᠪᠠᠶ ᠪᠠᠷ ᠴᠠᠰᠤ ᠬᠤᠷᠠᠨ ᠮᠥᠰᠥ ᠬᠥᠯᠳᠡᠭᠰᠡᠨ ᠵᠠᠮ ᠤᠨ ᠬᠡᠰᠡᠭ ᠲᠤ ᠴᠠᠰᠤ ᠴᠡᠪᠡᠷᠯᠡᠬᠦ ᠲᠡᠷᠭᠡ ᠪᠠᠷ ᠠᠷᠢᠯᠭᠠᠵᠤ᠂ ᠮᠥᠰᠦ ᠬᠥᠯᠳᠡᠭᠰᠡᠨ ᠵᠠᠮ ᠤᠨ ᠬᠡᠰᠡᠭ ᠲᠤ ᠱᠦᠭᠦᠷᠳᠡᠯᠲᠡ ᠬᠢᠵᠦ ᠳᠠᠪᠤᠰᠤ  ᠰᠠᠴᠤᠪᠠ᠃ ᠣᠲᠣ ᠪᠣᠯᠲᠠᠯ᠎ᠠ᠂ ᠹᠧᠩ ᠱᠦᠢ ᠭᠧᠦ ᠪᠠᠯᠭᠠᠰᠤᠨ ᠤ ᠬᠠᠷᠢᠶᠠᠨ ᠳᠠᠬᠢ ᠭᠤᠣᠯ ᠵᠠᠮ ᠤᠨ ᠬᠤᠷᠠᠭᠰᠠᠨ ᠴᠠᠰᠤ ᠶᠢ ᠴᠥᠮ ᠠᠷᠢᠯᠭᠠᠵᠤ᠂ ᠵᠠᠮ ᠰᠠᠭᠠᠳ ᠦᠭᠡᠢ ᠨᠡᠪᠲᠡᠷᠡᠨ᠂ ᠨᠠᠭᠠᠰᠢ ᠴᠠᠭᠠᠰᠢ ᠥᠩᠭᠡᠷᠡᠬᠦ ᠲᠡᠷᠭᠡ ᠬᠥᠰᠬᠡ ᠴᠦ ᠨᠡᠮᠡᠭᠳᠡᠨ ᠠᠭᠠᠵᠢᠮ ᠢᠶᠠᠷ ᠬᠡᠪ ᠤᠨ ᠪᠠᠶᠢᠳᠠᠯ ᠳᠠᠭᠠᠨ ᠣᠷᠣᠪᠠ᠃    ᠵᠠᠯᠭᠠᠭᠠᠳ ᠹᠧᠩ ᠱᠦᠢ ᠭᠧᠦ ᠪᠠᠯᠭᠠᠰᠤᠨ ᠤ ᠬᠢᠨ ᠬᠠᠷᠢᠶ᠎ᠠ ᠣᠷᠣᠨ ᠤ ᠪᠠᠨ ᠴᠠᠭ ᠠᠭᠤᠷ ᠤᠨ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠠᠭ ᠠᠭᠤᠷ ᠮᠠᠭᠤᠬᠠᠶᠢᠷᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠪᠠᠶᠢᠷᠢᠯᠠᠭᠤᠯᠵᠤ᠂ ᠵᠠᠮ ᠨᠡᠪᠲᠡᠷᠡᠯᠭᠡ ᠰᠠᠭᠠᠳ ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠣᠯᠠᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠳᠤ ᠲᠥᠬᠦᠮ ᠨᠥᠬᠦᠴᠡᠯ ᠪᠦᠷᠢᠯᠳᠦᠭᠦᠯᠵᠦ ᠥᠭᠬᠦ ᠪᠣᠯᠣᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1