ᠣᠶᠢᠷ᠎ᠠ ᠶᠢᠨ ᠡᠳᠦᠷ ᠤᠳ ᠲᠤ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︽ᠳᠥᠷᠪᠡ ᠶᠢ ᠴᠢᠩᠭᠠᠳᠬᠠᠨ︾ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ | ᠲᠤᠰᠬᠠᠢ ᠪᠠᠶᠢᠴᠠᠭᠠᠯᠲᠠ ᠥᠷᠨᠢᠭᠦᠯᠵᠦ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠠᠳᠡᠯ ᠭᠠᠷᠬᠤ ᠶᠢ | ᠰᠡᠷᠭᠡᠶᠢᠯᠡᠵᠦ ᠪᠠᠶᠢᠨ᠎ᠠ᠃ | ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠴᠢᠩᠭᠠᠳᠬᠠᠪᠠ᠃ ︽ᠰᠢᠲᠠᠮᠠᠬᠠᠢ ᠬᠡᠢ ᠶᠢᠨ ᠠᠮᠤᠷ ᠲᠦᠪᠰᠢᠨ ᠤ | ᠲᠤᠰᠬᠠᠢ ᠴᠡᠭᠴᠡᠯᠡᠨ ᠵᠠᠰᠠᠬᠤ ᠠᠵᠢᠯ ᠤᠨ ᠰᠢᠰᠲ᠋ᠧᠮ︾ ᠳᠤ ᠲᠦᠰᠢᠭᠯᠡᠨ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ | ᠵᠢᠴᠢ ᠰᠡᠯᠪᠢᠭ ᠲᠣᠨᠤᠭ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠳᠦᠷ ᠲᠤᠲᠤᠮ ᠤᠨ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠵᠦᠢᠯᠡᠰ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠪᠥᠬᠦ ᠰᠢᠲᠠᠮᠠᠬᠠᠢ | ᠬᠡᠢ ᠶᠢᠨ ᠪᠠᠭᠠᠵᠢ ᠬᠡᠷᠡᠭᠰᠡᠯ ᠵᠢᠴᠢ ᠰᠡᠯᠪᠢᠭ ᠲᠣᠨᠤᠭ ᠤᠨ ᠦᠢᠯᠡᠳᠬᠦᠨ ᠤ ᠡᠵᠡᠩᠨᠡᠯᠲᠡ ᠶᠢᠨ ᠭᠤᠣᠯ ᠴᠣᠭᠴᠠ ︵ | ᠣᠨᠴᠠᠭᠠᠶᠢᠯᠠᠨ ᠲᠡᠮᠦᠷᠯᠢᠭ ᠬᠡᠷᠡᠭᠰᠡᠯ ᠤᠨ ᠳᠡᠯᠭᠡᠭᠦᠷ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠡᠵᠡᠩᠨᠡᠨ | ᠪᠣᠷᠣᠯᠠᠭᠤᠯᠬᠤ ᠳᠡᠯᠭᠡᠭᠦᠷ᠂ ᠭᠠᠯ ᠤᠨᠲᠠᠷᠠᠭᠠᠬᠤ ᠦᠢᠯᠡᠳᠬᠦᠨ ᠡᠵᠡᠩᠨᠡᠨ ᠪᠣᠷᠣᠯᠠᠭᠤᠯᠬᠤ ᠳᠡᠯᠭᠡᠭᠦᠷ︶ ᠳᠤ ᠪᠥᠬᠦ | ᠲᠠᠯ᠎ᠠ ᠶᠢᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠳᠡᠭᠡᠷ᠎ᠡ ᠳᠤᠷᠠᠳᠤᠭᠰᠠᠨ | ᠦᠢᠯᠡᠳᠬᠦᠨ ᠢ ᠪᠣᠷᠣᠯᠠᠭᠤᠯᠵᠤ ᠪᠠᠶᠢᠭ᠎ᠠ ᠪᠣᠷᠣᠯᠠᠭᠤᠯᠬᠤ ᠠᠵᠤ ᠠᠬᠤᠶᠢᠯᠠᠯ ᠤᠨ ᠰᠠᠭᠤᠷᠢ ᠲᠤᠭ᠎ᠠ ᠶᠢ | ᠣᠶᠢᠯᠠᠭᠠᠬᠤ ᠶᠢᠨ ᠬᠠᠮᠲᠤ ᠲᠠᠩᠰᠠ ᠡᠪᠬᠡᠮᠡᠯ ᠪᠠᠶᠢᠭᠤᠯᠪᠠ᠃ | ᠲᠦᠭᠰᠢᠭᠦᠷᠢ ᠮᠡᠳᠡᠭᠡᠯᠡᠬᠦ ᠲᠣᠨᠤᠭ ᠤᠭᠰᠠᠷᠠᠬᠤ ᠶᠢ ᠴᠢᠩᠭᠠᠳᠬᠠᠪᠠ᠃ ᠢᠳᠡᠭᠡᠨ ᠤᠮᠳᠠᠭᠠᠨ᠂ ᠵᠢᠵᠢᠭ ᠬᠤᠭᠤᠯᠠᠨ | ᠭᠡᠷ ᠵᠡᠷᠭᠡ ᠲᠠᠯᠠᠪᠤᠷ ᠲᠤ ᠵᠢᠭᠰᠠᠭᠠᠨ ᠪᠠᠶᠢᠴᠠᠭᠠᠯᠲᠠ ᠬᠢᠵᠦ᠂ ᠴᠥᠭᠡᠨ ᠲᠣᠭᠠᠨ ᠤ ᠤᠭᠰᠠᠷᠠᠭ᠎ᠠ ᠦᠭᠡᠢ | ᠬᠡᠷᠡᠭᠯᠡᠭᠴᠢ ᠳᠤ ᠢᠳᠬᠠᠯ ᠬᠢᠵᠦ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠲᠣᠨᠤᠭ ᠤᠭᠰᠠᠷᠠᠬᠤ ᠶᠢᠨ | ᠴᠢᠬᠤᠯᠠ ᠴᠢᠨᠠᠷ ᠢ ᠤᠬᠠᠭᠤᠯᠵᠤ᠂ ᠡᠵᠡᠩᠨᠡᠭᠴᠢ ᠶᠢᠨ ᠲᠣᠭᠲᠠᠭᠰᠠᠨ ᠴᠠᠭ ᠤᠨ ᠳᠣᠲᠣᠷ᠎ᠠ ᠰᠢᠲᠠᠮᠠᠬᠠᠢ ᠬᠡᠢ ᠶᠢᠨ | ᠲᠦᠭᠰᠢᠭᠦᠷᠢ ᠮᠡᠳᠡᠭᠡᠯᠡᠬᠦ ᠲᠣᠨᠤᠭ ᠤᠭᠰᠠᠷᠠᠬᠤ ᠶᠢ ᠵᠢᠯᠤᠭᠤᠳᠬᠤ ᠶᠢᠨ ᠬᠠᠮᠲᠤ ᠬᠢᠨᠠᠯᠲᠠ ᠲᠠᠯᠪᠢᠪᠠ᠃ ᠰᠢᠲᠠᠮᠠᠬᠠᠢ | ᠬᠡᠢ ᠶᠢᠨ ᠠᠮᠤᠷ ᠲᠦᠪᠰᠢᠨ ᠢ ᠦᠨᠡᠨᠬᠦ ︽ᠡᠴᠦᠰ ᠤᠨ ᠨᠢᠭᠡ ᠮᠧᠲᠷ︾ ᠬᠥᠷᠲᠡᠯ᠎ᠡ ᠨᠠᠶᠢᠳᠠᠪᠤᠷᠢᠵᠢᠭᠤᠯᠪᠠ᠃ | ᠬᠠᠮᠲᠤᠷᠠᠭᠰᠠᠨ ᠪᠠᠶᠢᠴᠠᠭᠠᠯᠲᠠ ᠶᠢ ᠴᠢᠩᠭᠠᠳᠬᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠰᠢᠲᠠᠮᠠᠬᠠᠢ | ᠬᠡᠢ ᠶᠢᠨ ᠺᠣᠮᠫᠠᠨᠢ ᠲᠠᠢ ᠬᠠᠮᠲᠤᠷᠠᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠵᠦ᠂ ︽ᠪᠠᠶᠢᠴᠠᠭᠠᠬᠤ + ᠵᠢᠯᠤᠭᠤᠳᠬᠤ | ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠪᠠ ᠃ ᠬᠠᠤᠯᠢ ᠬᠡᠷᠡᠭᠵᠢᠭᠦᠯᠬᠦ ᠠᠵᠢᠯᠲᠠᠨ | ᠬᠡᠢ ᠶᠢᠨ ᠰᠠᠪᠠ ᠶᠢᠨ ᠬᠡᠷᠡᠭᠯᠡᠯᠲᠡ ᠶᠢᠨ ᠬᠦᠴᠦᠨ ᠲᠠᠢ ᠬᠤᠭᠤᠴᠠᠭ᠎ᠠ᠂ ᠵᠥᠭᠡᠯᠡᠨ ᠬᠤᠭᠤᠯᠠᠢ ᠶᠢᠨ ᠬᠡᠷᠡᠭᠯᠡᠯᠲᠡ ᠶᠢᠨ | ᠵᠢᠷᠤᠮᠵᠢᠯ᠂ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠵᠡᠷᠭᠡ ᠠᠮᠤᠷ ᠲᠦᠪᠰᠢᠨ ᠤ ᠭᠡᠮ ᠰᠤᠭᠤᠭ ᠢ | ᠭᠤᠣᠯᠳᠠᠯᠭ᠎ᠠ ᠲᠠᠢ ᠪᠠᠶᠢᠴᠠᠭᠠᠪᠠ ᠃ ︽ ᠭᠡᠮ ᠰᠤᠭᠤᠭ ᠪᠣᠯ ᠳᠠᠷᠤᠢ ᠠᠳᠡᠯ ᠮᠥᠨ︾ ᠭᠡᠬᠦ ᠲᠦᠭᠰᠢᠭᠦᠷᠢ ᠶᠢᠨ ᠦᠵᠡᠯ | ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠪᠠ᠃ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠪᠠ᠃ ᠰᠢᠲᠠᠮᠠᠬᠠᠢ ᠬᠡᠢ ᠶᠢᠨ ᠵᠤᠤᠬ᠎ᠠ᠂ | ᠰᠢᠲᠠᠮᠠᠬᠠᠢ ᠬᠡᠢ ᠳᠤ ᠬᠡᠷᠡᠭᠯᠡᠬᠦ ᠵᠥᠭᠡᠯᠡᠨ ᠬᠤᠭᠤᠯᠠᠢ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ | ᠲᠣᠰᠣᠨ ᠤ ᠬᠡᠢ ᠶᠢᠨ ᠬᠦᠴᠦᠳᠡᠯ ᠲᠣᠬᠢᠷᠠᠭᠤᠯᠤᠭᠴᠢ᠂ ᠰᠢᠲᠠᠮᠠᠬᠠᠢ ᠬᠡᠢ ᠶᠢᠨ ᠬᠠᠶᠢᠭᠤᠷ ᠵᠡᠷᠭᠡ 4 ᠲᠥᠷᠥᠯ ᠤᠨ | ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢᠨ ᠰᠠᠨᠠᠭᠤᠯᠤᠮᠵᠢ ᠶᠢ ᠣᠯᠠᠨ ᠵᠦᠢᠯ ᠤᠨ ᠬᠡᠯᠪᠡᠷᠢ ᠪᠠᠷ ᠤᠬᠠᠭᠤᠯᠵᠤ᠂ ᠥᠷᠭᠡᠨ ᠣᠯᠠᠨ | ᠬᠡᠷᠡᠭᠯᠡᠭᠴᠢᠳ ᠲᠤ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠵᠥᠪ ᠣᠨᠣᠪᠴᠢᠲᠠᠶ ᠰᠣᠩᠭᠤᠨ ᠬᠤᠳᠠᠯᠳᠤᠨ ᠠᠪᠬᠤ | ᠪᠠ ᠬᠡᠷᠡᠭᠯᠡᠬᠦ ᠶᠢ ᠰᠠᠨᠠᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ | ᠃ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠬᠠᠷᠢᠶ᠎ᠠ ᠣᠷᠣᠨ ᠤ ᠪᠠᠨ ᠠᠮᠤᠷ | ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ ᠪᠠᠶᠢᠨ᠎ᠠ᠃ | |