2023 ᠣᠨ ᠤ ᠶᠤᠸᠠᠨ ᠪᠦᠦ ᠱᠠᠨ ᠲᠣᠭᠤᠷᠢᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/12/12
    2023 ᠣᠨ ᠤ 11 ᠳ᠋ᠣᠭᠡᠷ ᠰᠠᠷ᠎ᠠ ᠳᠤ᠂ ᠮᠠᠨ ᠤ ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ︾᠎ ᠤ ᠢᠷᠠᠭᠤ ᠠᠯᠳᠠᠷ ᠢ ᠭᠥᠷᠳᠡᠪᠡ᠂ ᠡᠳᠦᠭᠡ ᠮᠠᠨ ᠤ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠳᠣᠣᠷᠠᠬᠢ ᠮᠡᠲᠦ ᠮᠡᠳᠡᠭᠦᠯᠦᠶ᠎ᠡ᠄    ᠨᠢᠭᠡ᠂ ᠠᠵᠢᠯ ᠥᠷᠨᠢᠭᠦᠯᠦᠭᠰᠡᠨ ᠪᠠᠶᠢᠳᠠᠯ    ︵ ᠨᠢᠭᠡ ︶ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠭᠥᠢᠴᠡᠳᠬᠡᠪᠡ    ᠨᠢᠭᠡ ᠳᠤ ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠮᠡᠳᠡᠭᠳᠡᠬᠦ ᠠᠮᠠᠯᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠬᠡᠰᠡᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠵᠤ ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠣᠷᠤᠭᠰᠢᠯᠠᠭᠤᠯᠪᠠ᠃ ︽ ᠦᠨᠡᠮᠯᠡᠯ ᠪᠠ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ ᠂ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠵᠦ ᠂ ᠭᠡᠷᠡᠴᠢᠯᠡᠬᠦ ᠵᠦᠢᠯᠡᠰ ᠤᠨ ᠲᠣᠳᠣᠷᠬᠠᠢ ᠬᠠᠭᠤᠳᠠᠰᠤ ᠪᠠ ᠬᠡᠯᠡᠵᠦ ᠠᠮᠠᠯᠠᠭᠤᠯᠬᠤ ᠳᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠥᠨᠳᠥᠷ ᠳᠠᠪᠲᠠᠮᠵᠢᠲᠤ ᠵᠦᠢᠯᠡᠰ ᠲᠤ ︽ᠨᠢᠭᠡ ᠰᠦᠯᠵᠢᠶ᠎ᠡ᠂ ᠨᠢᠭᠡ ᠰᠠᠯᠠᠭ᠎ᠠ᠂ ᠨᠢᠭᠡ ᠤᠳᠠᠭ᠎ᠠ︾᠎ ᠶᠢ ᠦᠨᠳᠦᠰᠦᠨ ᠳᠡᠭᠡᠨ ᠪᠡᠶᠡᠯᠡᠭᠦᠯᠵᠦ᠂ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 90%᠎ ᠠᠴᠠ ᠳᠡᠭᠡᠭᠰᠢ᠂ ᠦᠢᠯᠡᠴᠢᠯᠡᠭᠡᠨ ᠤ ᠶᠡᠭᠡ ᠲᠢᠩᠬᠢᠮ ᠤᠨ 48 ᠰᠠᠯᠠᠭ᠎ᠠ ᠮᠥᠴᠢᠷ᠂ 1426 ᠵᠦᠢᠯᠡᠰ ᠲᠤ ᠣᠷᠣᠵᠤ ᠰᠠᠭᠤᠨ᠂ 80%᠎ ᠠᠴᠠ ᠳᠡᠭᠡᠭᠰᠢᠬᠢ ︽ᠨᠢᠭᠡ ᠴᠣᠩᠬᠤᠪᠴᠢ︾᠎ ᠶᠢ ᠲᠥᠷᠥᠯ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠪᠡ᠃ ᠠᠩᠬ᠎ᠠ ᠠᠰᠠᠭᠤᠬᠤ ᠳᠤ ᠬᠠᠷᠢᠭᠤᠴᠠᠬᠤ ᠂ ᠨᠢᠭᠡ ᠤᠳᠠᠭ᠎ᠠ ᠳᠤ ᠮᠡᠳᠡᠭᠳᠡᠬᠦ ᠂ ᠥᠪᠡᠰᠦᠪᠡᠨ ᠰᠢᠢᠳᠪᠦᠷᠢᠯᠡᠬᠦ ᠵᠡᠷᠭᠡ ᠳᠦᠷᠢᠮ ᠢ ᠬᠡᠷᠡᠭᠵᠢᠭᠦᠯᠵᠦ ᠂ ᠦᠢᠯᠡᠴᠢᠯᠡᠭᠡᠨ ᠤ ᠲᠢᠩᠬᠢᠮ ᠳᠤ ︽ ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ ︾ ᠴᠣᠩᠬᠤ ᠭᠠᠷᠭᠠᠪᠠ᠃ ᠬᠤᠶᠠᠷ ᠲᠤ ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠪᠡ ᠃ ᠰᠠᠯᠠᠭ᠎ᠠ ᠮᠥᠴᠢᠷ ᠤᠳ 200 ᠭᠠᠷᠤᠢ ᠪᠦᠯᠦᠭ ᠤᠳᠠᠭ᠎ᠠ ᠶᠢ ᠰᠤᠭᠤᠴᠢᠨ ᠪᠠᠶᠢᠴᠠᠭᠠᠵᠤ᠂ 2600 ᠭᠠᠷᠤᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠴᠠᠭᠠᠵᠤ᠂ 69 ᠪᠦᠯᠦᠭ ᠤᠳᠠᠭ᠎ᠠ ᠶᠢ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠶᠢᠴᠠᠭᠠᠵᠤ᠂ 252 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠴᠠᠭᠠᠵᠤ᠂ ᠪᠠᠶᠢᠴᠠᠭᠠᠭᠰᠠᠨ ᠦᠷ᠎ᠡ ᠳ᠋ᠦᠩ ᠢ 100%᠎ ᠪᠠᠷ ᠨᠡᠶᠢᠭᠡᠮ ᠨᠡᠶᠢᠲᠡ ᠳᠤ ᠵᠠᠷᠯᠠᠪᠠ᠃ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠡᠷᠡᠭᠯᠡᠯᠲᠡ ᠪᠠ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠢᠯᠡ ᠨᠡᠶᠢᠲᠡᠯᠡᠬᠦ ᠶᠢ ᠲᠦᠯᠬᠢᠨ ᠠᠬᠢᠭᠤᠯᠵᠤ ᠂ 34 ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠨᠡᠭᠡᠭᠡᠨ ᠬᠡᠷᠡᠭᠯᠡᠵᠦ ᠂ 1.4 ᠲᠦᠮᠡ ᠭᠠᠷᠤᠢ ᠮᠡᠳᠡᠭᠡ ᠵᠠᠩᠭᠢ ᠶᠢ ᠴᠤᠭᠯᠠᠭᠤᠯᠤᠨ ᠢᠯᠡ ᠨᠡᠶᠢᠲᠡᠯᠡᠵᠦ ᠂ 37 ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠪᠰᠤᠷᠤᠨ ᠢᠲᠡᠭᠡᠮᠵᠢ ᠶᠢ ᠨᠢ ᠰᠡᠷᠭᠦᠭᠡᠪᠡ ᠃ ︽ ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ ︾ ᠎ ᠶᠢᠨ ᠶᠤᠸᠠᠨ ᠪᠦᠦ ᠱᠠᠨ ᠲᠣᠭᠤᠷᠢᠭ ᠤᠨ ᠬᠡᠰᠡᠭ ᠢ ᠪᠠᠶᠢᠭᠤᠯᠵᠤ ᠂ 659 ᠳᠠᠩᠰᠠᠨ ᠤ ᠨᠣᠮᠧᠷ ᠢ ᠳᠠᠩᠰᠠᠯᠠᠭᠤᠯᠵᠤ ᠂ 724 ᠵᠦᠢᠯ ᠤᠨ ᠬᠢᠨᠠᠨ ᠬᠠᠮᠢᠶᠠᠷᠤᠯᠲᠠ ᠶᠢᠨ ᠵᠦᠢᠯᠡᠰ ᠢ ᠲᠠᠨᠢᠵᠤ ᠠᠪᠴᠤ ᠂ 695 ᠪᠠᠶᠢᠴᠠᠭᠠᠯᠲᠠ ᠶᠢᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠪᠠ ᠃ ᠭᠤᠷᠪᠠ ᠳᠤ ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠪᠠ᠃ ︽ᠬᠠᠤᠯᠢ ᠪᠠᠷ ᠵᠠᠰᠠᠬᠤ ᠪᠠᠶᠢᠴᠠᠭᠠᠯᠲᠠ ᠶᠢ ᠠᠵᠤ ᠠᠬᠤᠶᠢᠯᠠᠯ ᠳᠤ ᠣᠷᠣᠭᠤᠯᠬᠤ᠂ ᠬᠠᠤᠯᠢ ᠴᠠᠭᠠᠵᠠ ᠪᠠᠷ ᠠᠶᠠᠯᠠᠯ ᠬᠠᠮᠠᠭᠠᠯᠠᠨ ᠡᠵᠡᠩᠨᠡᠯᠲᠡ ᠶᠢ ᠳᠡᠮᠵᠢᠬᠦ︾ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠷᠢᠶᠠᠲᠤ ᠣᠷᠣᠨ ᠤ 30 ᠭᠠᠷᠤᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ 80 ᠭᠠᠷᠤᠢ ᠤᠳᠠᠭ᠎ᠠ ︽ᠰᠤᠳᠠᠯ ᠠᠳᠬᠤᠨ ᠣᠨᠣᠰᠢᠯᠠᠵᠤ︾᠂ ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠢ 14 ᠲᠠᠯᠠᠪᠤᠷ ᠤᠳᠠᠭ᠎ᠠ ᠥᠷᠨᠢᠭᠦᠯᠵᠦ᠂ ᠬᠠᠤᠯᠢ ᠴᠠᠭᠠᠵᠠ ᠶᠢᠨ ᠰᠠᠨᠠᠯ ᠤᠨ ᠪᠢᠴᠢᠭ᠂ ᠬᠠᠤᠯᠢᠴᠢ ᠶᠢᠨ ᠵᠠᠬᠢᠳᠠᠯ ᠵᠡᠷᠭᠡ ᠶᠢ 5 ᠬᠤᠪᠢ ᠬᠠᠩᠭᠠᠵᠤ᠂ ᠬᠢᠨᠠᠨ ᠪᠠᠶᠢᠴᠠᠭᠠᠬᠤ ᠭᠡᠷ᠎ᠡ ᠶᠢ 50 ᠭᠠᠷᠤᠢ ᠬᠤᠪᠢ ᠲᠤᠭᠤᠷᠪᠢᠨ ᠲᠣᠭᠲᠠᠭᠠᠵᠤ᠂ ᠬᠠᠤᠯᠢ ᠴᠠᠭᠠᠵᠠ ᠶᠢᠨ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ 20 ᠬᠤᠪᠢ ᠲᠤᠭᠤᠷᠪᠢᠨ ᠲᠣᠭᠲᠠᠭᠠᠵᠤ᠂ 260 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠ ᠵᠠᠶᠢᠯᠠᠭᠤᠯᠪᠠ ᠃ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠷᠢᠰᠢᠯ ᠢ ᠰᠢᠯᠢᠳᠡᠭᠵᠢᠭᠦᠯᠵᠦ ᠂ ᠭᠠᠳᠠᠭᠠᠳᠤ ᠳᠤ ᠬᠤᠯᠪᠣᠭᠳᠠᠬᠤ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠵᠢᠯ ᠤᠨ ᠡᠬᠢᠨ ᠠᠴᠠ ᠨᠠᠭᠠᠰᠢ᠂ ᠪᠣᠥ  ᠱᠠᠨ ᠤ ᠠᠯᠪᠠᠨ ᠭᠡᠷᠡᠴᠢᠯᠡᠭᠡ ᠶᠢᠨ ᠭᠠᠵᠠᠷ ᠠᠴᠠ ᠭᠠᠳᠠᠭᠠᠳᠤ ᠳᠤ ᠬᠤᠯᠪᠣᠭᠳᠠᠬᠤ 127 ᠠᠯᠪᠠᠨ ᠭᠡᠷᠡᠴᠢᠯᠡᠭᠡ ᠶᠢ ᠭᠦᠢᠴᠡᠳᠬᠡᠪᠡ ᠃ ᠲᠤᠰᠬᠠᠢ ᠠᠩᠭᠢ ᠲᠤᠰᠬᠠᠢ ᠬᠥᠮᠥᠨ ᠲᠣᠬᠢᠷᠠᠭᠤᠯᠤᠨ ︽ ᠥᠪᠥᠷ ᠮᠤᠩᠭᠤᠯ ᠤᠨ ᠠᠬᠤᠶᠢᠯᠠᠯ ᠤᠨ ᠰᠣᠪᠠᠭ︾ ᠲᠠᠪᠴᠠᠩ ᠤᠨ ᠠᠵᠤ ᠠᠬᠤᠶᠢᠯᠠᠯ ᠤᠨ ︽ ᠲᠤᠰᠬᠠᠭᠰᠠᠨ ᠠᠰᠠᠭᠤᠳᠠᠯ︾᠎ ᠤᠨ ᠴᠣᠩᠬᠤ ᠶᠢᠨ ᠬᠡᠪ ᠤᠨ ᠠᠵᠢᠯᠯᠠᠭᠠᠨ ᠢ ᠬᠠᠷᠢᠭᠤᠴᠠᠭᠤᠯᠵᠤ᠂ ᠠᠵᠤ ᠠᠬᠤᠶᠢᠯᠠᠯ ᠤᠨ ᠲᠤᠰᠬᠠᠭᠰᠠᠨ ᠵᠦᠢᠯᠡᠰ ᠢ ᠴᠠᠭ ᠲᠤᠬᠠᠢ ᠳᠤᠨᠢ ᠲᠡᠮᠳᠡᠭᠯᠡᠬᠦ ᠶᠢᠨ ᠬᠠᠮᠲᠤ ᠭᠥᠯᠢᠶᠡᠨ ᠠᠪᠴᠤ᠂ ᠳᠠᠷᠤᠶᠢᠬᠠᠨ ᠭᠥᠯᠢᠶᠡᠨ ᠠᠪᠴᠤ ᠳᠠᠷᠤᠶᠢᠬᠠᠨ ᠭᠦᠢᠴᠡᠳᠬᠡᠬᠦ ᠶᠢ ᠦᠨᠡᠨᠬᠦ ᠪᠠᠲᠤᠯᠠᠵᠤ ᠂ ᠴᠣᠩᠬᠤ ᠶᠢ ᠨᠡᠭᠡᠭᠡᠭᠰᠡᠨ ᠠᠴᠠ ᠨᠠᠭᠠᠰᠢ᠂ ᠠᠵᠤ ᠠᠬᠤᠶᠢᠯᠠᠯ ᠤᠨ ᠠᠰᠠᠭᠤᠳᠠᠯ ᠤᠨ ᠬᠠᠷᠢᠭᠤ ᠲᠤᠰᠬᠠᠯ ᠢ ᠣᠯᠣᠭᠰᠠᠨ ᠦᠭᠡᠢ ᠠᠴᠠ ᠪᠣᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠪᠠ ᠃    ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠢᠯᠡᠳᠲᠡ  ᠨᠡᠮᠡᠭᠳᠡᠭᠦᠯᠪᠡ    ᠨᠢᠭᠡ ᠎ ᠳᠤ᠂ ᠵᠠᠰᠠᠭ ᠵᠠᠬᠢᠷᠭᠠᠨ ᠎ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠪᠠ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠂ ᠵᠢᠷᠤᠮᠵᠢᠯ ᠎ ᠤᠨ ᠴᠢᠨᠠᠷᠲᠠᠢ ᠪᠢᠴᠢᠭ  ᠮᠠᠲ᠋ᠧᠷᠢᠶᠠᠯ ᠲᠣᠭᠲᠠᠭᠠᠬᠤ ᠶᠢᠨ ᠴᠢᠭᠯᠡᠭᠦᠯᠦᠯᠲᠦ ᠴᠢᠨᠠᠷ ᠂ ᠬᠤᠭᠤᠴᠠᠭᠠᠲᠤ ᠴᠢᠨᠠᠷ ᠢ ᠲᠣᠪᠤᠶᠢᠯᠭᠠᠨ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠲᠡᠰ ᠳᠠᠷᠠᠭᠠᠯᠠᠯ ᠢ ᠴᠢᠩᠭ᠎ᠠ ᠭᠥᠢᠴᠡᠳᠬᠡᠪᠡ᠃ ᠬᠤᠶᠠᠷ ᠲᠤ ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ  ᠲᠡᠭᠦᠯᠳᠡᠷᠵᠢᠭᠦᠯᠪᠡ᠃ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠪᠣᠭᠤᠮᠲᠠ ᠶᠢ ᠴᠢᠩᠭ᠎ᠠ ᠠᠳᠬᠤᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠣᠨ ᠤ ᠭᠠᠷᠴᠠᠭ ᠢ ᠢᠯᠡ ᠪᠣᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠭᠠᠷᠴᠠᠭ ᠤᠨ ᠳᠣᠲᠣᠷᠠᠬᠢ ᠵᠦᠢᠯᠡᠰ ᠲᠤ ︽ᠲᠠᠪᠤᠨ ᠪᠣᠭᠤᠮᠲᠠ ᠶᠢ ᠳᠠᠪᠠᠭ᠋ᠤ︾ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠪᠡ᠃ ᠪᠥᠬᠦ  ᠲᠣᠭᠤᠷᠢᠭ ᠤᠨ 44 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ 12 ᠪᠠᠯᠭᠠᠰᠤ ᠰᠢᠶᠠᠩ ᠵᠡᠭᠡᠯᠢ ᠶᠢᠨ 66 ᠵᠠᠰᠠᠭ ᠵᠠᠬᠢᠷᠭᠠᠨ ᠤ ᠲᠣᠰᠬᠤᠨ ᠳᠤ 100%᠎ ᠪᠠᠷ ᠬᠠᠤᠯᠢ ᠴᠠᠭᠠᠵᠠ ᠶᠢᠨ ᠵᠥᠪᠯᠡᠭᠴᠢ ᠶᠢ ᠤᠷᠢᠪᠠ᠃ ᠭᠤᠷᠪᠠ ᠳᠤ ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠪᠠ ᠃ ᠡᠯ᠎ᠡ ᠪᠠᠯᠭᠠᠰᠤ ᠰᠢᠶᠠᠩ ᠵᠡᠭᠡᠯᠢ ᠶᠢᠨ ᠲᠣᠰ ᠱᠠᠲᠤᠨ ᠤ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ ᠃ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠵᠢᠯ ᠤᠨ ᠳᠣᠲᠣᠷ᠎ᠠ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠢ 83 ᠬᠤᠪᠢ ᠭᠠᠷᠭᠠᠵᠤ᠂ ᠡᠭᠦᠨ ᠳᠤ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ 60 ᠬᠤᠪᠢ᠂ ᠳᠡᠭᠡᠳᠦ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠮᠡᠳᠡᠭᠦᠯᠦᠯᠲᠡ 11 ᠬᠤᠪᠢ᠂  ᠲᠣᠭᠤᠷᠢᠭ ᠤᠨ ᠵᠠᠰᠠᠭ ᠤᠨ ᠣᠷᠳᠣᠨ ᠯᠤᠭ᠎ᠠ ᠨᠡᠷ᠎ᠡ ᠪᠠᠷ ᠭᠠᠷ ᠤᠨ ᠥᠰᠥᠭ ᠵᠢᠷᠤᠬᠤ ᠪᠠᠷ ᠪᠠᠶᠢᠭ᠎ᠠ ᠬᠡᠯᠡᠯᠴᠡᠭᠡᠷ 11 ᠬᠤᠪᠢ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ 1 ᠬᠤᠪᠢ ᠪᠠᠶᠢᠨ᠎ᠠ᠃    ︵ ᠭᠤᠷᠪᠠ ︶ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠨᠢ ᠬᠡᠪ ᠵᠠᠩᠰᠢᠯ ᠪᠣᠯᠪᠠ    ᠨᠢᠭᠡ ᠳᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠪᠡ᠃ 2022 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠭᠡᠷᠡᠴᠢᠯᠡᠯ ᠤᠨ ᠰᠢᠯᠭᠠᠯᠲᠠ ᠶᠢᠨ ᠠᠵᠢᠯ ᠢ ᠪᠡᠶᠡᠯᠡᠭᠦᠯᠵᠦ᠂ 41 ᠬᠥᠮᠥᠨ ᠬᠢᠷᠢ ᠬᠡᠮ ᠤᠨ ᠭᠡᠷᠡᠴᠢᠯᠡᠯ ᠤᠨ ᠰᠢᠯᠭᠠᠯᠲᠠ ᠳᠤ ᠬᠢᠷᠢ ᠲᠡᠩᠴᠡᠵᠦ᠂ ᠥᠪᠡᠷᠲᠡᠭᠡᠨ ᠵᠠᠰᠠᠬᠤ ᠣᠷᠣᠨ ᠤ ᠲᠦᠷᠦᠭᠦᠸ ᠪᠦᠯᠦᠭ ᠤᠨ 535 ᠪᠣᠳᠠᠲᠤ ᠴᠣᠭᠴᠠ ᠶᠢᠨ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠠᠵᠢᠯ ᠢ ᠪᠡᠶᠡᠯᠡᠭᠦᠯᠪᠡ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠢ ᠢᠯᠭᠠᠷᠠᠭᠤᠯᠬᠤ ᠠᠵᠢᠯ ᠢ ᠥᠷᠨᠢᠭᠦᠯᠵᠦ᠂ 211 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠢᠯᠭᠠᠷᠠᠭᠤᠯᠪᠠ᠃ ᠬᠤᠶᠠᠷ ᠲᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠪᠡ ᠃ ᠪᠥᠬᠦ ᠲᠣᠭᠤᠷᠢᠭ ᠤᠨ 44 ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ 573 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︵ᠬᠢᠨᠠᠯᠲᠠ ᠲᠠᠯᠪᠢᠬᠤ ︶ ᠠᠵᠢᠯᠲᠠᠨ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠥᠬᠦ ᠲᠣᠭᠤᠷᠢᠭ ᠤᠨ 513 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠨᠡᠶᠢᠳᠡᠮ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠵᠢᠯ ᠢ ᠪᠡᠶᠡᠯᠡᠭᠦᠯᠪᠡ᠃ ᠭᠤᠷᠪᠠ ᠳᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠪᠠ ᠃ ᠪᠥᠬᠦ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠳᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠵᠦ᠂ 90 ᠪᠣᠳᠢ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠪᠠ᠃ ᠳᠥᠷᠪᠡ ᠳᠤ ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠪᠠ᠃ ᠢᠳᠡᠭᠡᠨ ᠤ ᠵᠦᠢᠯ ᠡᠮ ᠤᠨ ᠵᠦᠢᠯ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠪᠠᠶᠢᠭᠠᠯᠢ ᠶᠢᠨ ᠡᠬᠢ ᠪᠠᠶᠠᠯᠢᠭ ᠂ ᠠᠮᠢ ᠠᠬᠤᠢ ᠶᠢᠨ ᠣᠷᠴᠢᠨ ᠨᠥᠬᠦᠴᠡᠯ ᠂ ᠠᠶᠤᠯᠭᠦᠢ ᠦᠢᠯᠡᠳᠪᠦᠷᠢᠯᠡᠯ ᠂ ᠬᠥᠳᠡᠯᠮᠦᠷᠢ ᠶᠢᠨ ᠪᠠᠲᠤᠯᠠᠭ᠎ᠠ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ ᠂ ᠬᠠᠤᠯᠢ ᠶᠢ ᠵᠥᠷᠢᠴᠡᠵᠦ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃    ︵ ᠳᠥᠷᠪᠡ ︶ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠪᠡ    ᠨᠢᠭᠡ ᠳᠤ ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠳᠦᠷᠢᠮ ᠢ ᠲᠡᠭᠦᠯᠳᠡᠷᠵᠢᠭᠦᠯᠪᠡ᠃ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠴᠥᠮ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠵᠤ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠴᠥᠮ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠵᠤ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠲᠣᠭᠲᠠᠭᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠪᠠᠲᠤᠯᠠᠭ᠎ᠠ ᠬᠠᠩᠭᠠᠪᠠ ᠃ ᠬᠤᠶᠠᠷ ᠲᠤ ᠂ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠪᠡ᠃ ᠪᠦᠬᠦ  ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠢ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠵᠤ ᠂ ᠣᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠵᠦ ᠂ ᠠᠶᠤᠯᠲᠠᠢ ᠬᠢᠮᠢ ᠶᠢᠨ ᠪᠣᠳᠠᠰ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ︽ ᠠᠶᠤᠯᠭᠦᠢ ᠦᠢᠯᠡᠳᠪᠦᠷᠢᠯᠡᠯ ᠤᠨ ᠰᠠᠷ᠎ᠠ ︾ ᠎ ᠶᠢᠨ ᠠᠵᠢᠯᠯᠠᠭ᠎ᠠ ᠳᠤ ᠲᠦᠰᠢᠭᠯᠡᠨ ᠂ ᠠᠭᠤᠷᠬᠠᠢ ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠂ ᠬᠤᠳᠠ ᠪᠠᠯᠭᠠᠰᠤᠨ ᠤ ᠰᠢᠲᠠᠮᠠᠬᠠᠢ ᠬᠡᠢ ᠂ ᠪᠠᠷᠢᠯᠭ᠎ᠠ ᠶᠢᠨ ᠠᠵᠢᠯ ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠢᠯᠤᠭᠤᠳᠴᠤ ᠪᠠᠶᠢᠭᠠᠳ 90 ᠭᠠᠷᠤᠢ ᠤᠳᠠᠭ᠎ᠠ ᠶᠢᠨ ᠪᠣᠳᠠᠲᠤ ᠪᠠᠶᠢᠯᠳᠤᠭᠠᠨᠴᠢᠯᠠᠭᠰᠠᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ ᠂ 6000 ᠭᠠᠷᠤᠢ ᠬᠥᠮᠥᠨ ᠣᠷᠣᠯᠴᠠᠪᠠ ᠃ ᠭᠤᠷᠪᠠ ᠳᠤ ᠂ ᠪᠦᠬᠦ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠪᠡ᠃ ᠡᠯ᠎ᠡ ᠪᠠᠯᠭᠠᠰᠤ ᠰᠢᠶᠠᠩ ᠵᠡᠭᠡᠯᠢ ᠂ ᠡᠯ᠎ᠡ ᠰᠠᠯᠠᠭ᠎ᠠ ᠮᠥᠴᠢᠷ ᠤᠳ ︽ ᠠᠶᠤᠯ ᠦᠭᠡᠢ ᠦᠢᠯᠡᠳᠪᠦᠷᠢᠯᠡᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ︾᠎ ᠶᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠥᠷᠨᠢᠭᠦᠯᠵᠦ ᠂ ᠠᠶᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠨ ᠂ ︽ ᠬᠥᠮᠥᠨ ᠪᠥᠬᠦᠨ ᠠᠶᠤᠯ ᠦᠭᠡᠢ ᠶᠢ ᠴᠢᠬᠤᠯᠠᠴᠢᠯᠠᠬᠤ ᠂ ᠬᠥᠮᠥᠨ ᠪᠥᠬᠦᠨ ᠠᠶᠤᠯ ᠦᠭᠡᠢ ᠶᠢ ᠣᠶᠢᠯᠠᠭᠠᠬᠤ ︾ ᠰᠠᠶᠢᠨ ᠰᠠᠶᠢᠬᠠᠨ ᠠᠭᠤᠷ ᠠᠮᠢᠰᠬᠤᠯ ᠎ ᠢ ᠪᠤᠢ ᠪᠣᠯᠭᠠᠪᠠ᠃    ︵ ᠲᠠᠪᠤ ︶ ᠵᠥᠷᠢᠴᠡᠯ ᠵᠢᠭᠤᠷᠠᠯᠳᠤᠭᠠᠨ ᠢ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠦᠢᠯᠡᠳᠦᠯ ᠪᠠᠳᠠᠷᠠᠭᠤᠯᠪᠠ    ᠨᠢᠭᠡ ᠳᠤ ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠤᠮᠵᠢᠭᠤᠯᠬᠤ ᠡᠭᠦᠷᠭᠡ ᠴᠢᠳᠠᠪᠤᠷᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠺᠣᠮᠢᠰ ᠢ ᠪᠠᠶᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠺᠣᠮᠢᠰ ᠤᠨ ᠠᠵᠢᠯ ᠤᠨ ᠳᠦᠷᠢᠮ ᠢ ᠲᠣᠭᠲᠠᠭᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠰᠢᠭᠦᠨ ᠰᠢᠢᠳᠪᠦᠷᠢᠯᠡᠬᠦ ᠶᠢ ᠵᠢᠷᠤᠮᠵᠢᠭᠤᠯᠵᠤ᠂ ᠵᠢᠯ ᠤᠨ ᠳᠣᠲᠣᠷ᠎ᠠ 37 ᠬᠤᠪᠢ ᠵᠠᠰᠠᠭ ᠵᠠᠬᠢᠷᠭᠠᠨ ᠤ ᠳᠠᠬᠢᠨ ᠵᠥᠪᠯᠡᠭᠦᠯᠬᠦ ᠭᠤᠶᠤᠴᠢᠯᠠᠯ ᠢ ᠭᠥᠯᠢᠶᠡᠨ ᠠᠪᠴᠤ᠂ 36 ᠬᠤᠪᠢ ᠶᠢ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠦᠷᠢᠯᠡᠵᠦ᠂ 34 ᠬᠤᠪᠢ ᠶᠢ ᠰᠢᠭᠦᠨ ᠳᠠᠭᠤᠰᠬᠠᠪᠠ᠃ ᠬᠤᠶᠠᠷ ᠲᠤ ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠠᠷᠠᠳ ᠣᠯᠠᠨ ᠳᠤ ᠦᠢᠯᠡᠴᠢᠯᠡᠬᠦ ᠨᠢᠭᠡᠳᠦᠭᠡᠷ ᠹᠷᠣᠨᠲ ᠤᠨ ᠶᠡᠷᠦᠩᠬᠡᠶᠢᠯᠡᠭᠰᠡᠨ ᠴᠢᠨᠠᠷᠲᠠᠢ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠪᠥᠬᠦ ᠲᠣᠭᠤᠷᠢᠭ ᠤᠨ ᠡᠯ᠎ᠡ ᠪᠠᠯᠭᠠᠰᠤ ᠰᠢᠶᠠᠩ ᠵᠡᠭᠡᠯᠢ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠣᠷᠣᠯᠠᠨ ᠭᠦᠢᠴᠡᠳᠬᠡᠬᠦ ᠴᠢᠭ᠋ ᠢ ᠪᠦᠬᠦᠨ ᠢ ᠬᠠᠮᠤᠷᠬᠤ ᠶᠢ ᠪᠡᠶᠡᠯᠡᠭᠦᠯᠪᠡ ᠃ ᠭᠤᠷᠪᠠ ᠳᠤ ᠂ ᠵᠠᠰᠠᠭ ᠵᠠᠬᠢᠷᠭᠠᠨ ᠤ ᠵᠢᠭᠤᠷᠠᠯᠳᠤᠭᠠᠨ ᠢ ᠡᠶᠡᠳᠡᠭᠦᠯᠬᠦ ᠡᠷᠴᠢᠮ ᠢ ᠴᠢᠩᠭᠠᠷᠠᠭᠤᠯᠪᠠ ᠃ ᠵᠠᠰᠠᠭ ᠵᠠᠬᠢᠷᠭᠠᠨ ᠤ ᠡᠶᠡᠳᠡᠭᠦᠯᠭᠡ ᠶᠢ ᠠᠷᠠᠳ ᠤᠨ ᠡᠶᠡᠳᠡᠭᠦᠯᠭᠡ ᠂ ᠠᠵᠢᠯ ᠲᠦᠷᠦᠯ ᠤᠨ ᠴᠢᠨᠠᠷᠲᠠᠢ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠭᠡ ᠂ ᠬᠠᠤᠯᠢ ᠴᠠᠭᠠᠵᠠ ᠶᠢᠨ ᠡᠶᠡᠳᠡᠭᠦᠯᠭᠡ ᠲᠠᠢ ᠪᠦᠲᠦᠮᠵᠢᠲᠡᠶ ᠪᠠᠷ ᠵᠣᠯᠭᠠᠭᠤᠯᠬᠤ ᠶᠢ ᠲᠦᠯᠬᠢᠨ ᠠᠬᠢᠭᠤᠯᠵᠤ ᠂ ᠰᠢᠭᠦᠵᠦ ᠳᠠᠭᠤᠰᠬᠠᠭᠰᠠᠨ 34 ᠬᠡᠷᠡᠭ ᠤᠨ ᠳᠣᠲᠣᠷ᠎ᠠ ᠂ ᠡᠶᠡᠳᠡᠭᠦᠯᠭᠡ ᠪᠠᠷ ᠳᠠᠮᠵᠢᠭᠤᠯᠤᠨ 9 ᠬᠡᠷᠡᠭ ᠢ ᠳᠠᠭᠤᠰᠬᠠᠵᠤ ᠂ ᠡᠶᠡᠳᠡᠭᠦᠯᠭᠡ ᠶᠢᠨ ᠨᠤᠷᠮ᠎ᠠ 26 . 5%᠎ ᠳᠤ ᠬᠦᠷᠪᠡ᠃ ᠳᠥᠷᠪᠡ ᠳᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠠᠵᠢᠯ ᠢ ᠵᠢᠷᠤᠮᠵᠢᠭᠤᠯᠪᠠ᠃ ᠠᠷᠠᠳ ᠤᠨ ᠰᠢᠭᠦᠬᠦ  ᠬᠤᠷᠢᠶᠠᠨ ᠤ ᠵᠠᠰᠠᠭ ᠵᠠᠬᠢᠷᠭᠠᠨ ᠤ ᠬᠡᠷᠡᠭ ᠢ ᠰᠢᠭᠦᠬᠦ ᠶᠢ ᠲᠡᠮᠵᠢᠵᠤ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠶᠢ ᠮᠡᠳᠡᠭᠳᠡᠬᠦ ᠳᠦᠷᠢᠮ ᠢ ᠨᠠᠶᠢᠳᠠᠪᠤᠷᠢᠵᠢᠭᠤᠯᠵᠤ ᠂ ᠤᠳᠤ ᠶᠢᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ 100%᠎ ᠳᠤ ᠬᠥᠷᠪᠡ᠃    ︵ ᠵᠢᠷᠭᠤᠭ᠎ᠠ ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠵᠤ ᠬᠢᠨᠠᠯᠲᠠ ᠲᠠᠯᠪᠢᠬᠤ ᠰᠢᠰᠲ᠋ᠧᠮ ᠢ ᠤᠷᠤᠭᠰᠢᠲᠠᠢ ᠠᠵᠢᠯᠯᠠᠭᠤᠯᠪᠠ    ᠨᠢᠭᠡ ᠳᠤ᠂ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠶᠠᠮᠤᠨ ᠤ ᠬᠠᠯᠠᠭᠤᠨ ᠤ ᠨᠠᠶᠢᠳᠠᠪᠤᠷᠢᠵᠢᠭᠤᠯᠤᠯᠲᠠ ᠶᠢᠨ ᠪᠠᠶᠢᠳᠠᠯ᠂ ᠳᠡᠭᠡᠳᠦ ᠱᠠᠲᠤ ᠪᠠ ᠲᠣᠰ ᠱᠠᠲᠤᠨ ᠤ ᠵᠠᠰᠠᠭ ᠤᠨ ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ᠂ ᠰᠢᠮᠳᠠᠭᠤᠯᠤᠨ ᠪᠠᠶᠢᠴᠠᠭᠠᠭᠳᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠲᠤᠰᠢᠶᠠᠯ ᠤᠨ ᠦᠨᠡᠲᠡᠢ ᠪᠠᠶᠢᠬᠤ ᠶᠢ ᠭᠦᠢᠴᠡᠳᠬᠡᠭᠰᠡᠨ ᠪᠠᠶᠢᠳᠠᠯ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠳᠤ ᠬᠢᠨᠠᠯᠲᠠ ᠪᠠᠶᠢᠴᠠᠭᠠᠯᠲᠠ ᠥᠷᠨᠢᠭᠦᠯᠪᠡ᠃ ᠬᠤᠶᠠᠷ ᠲᠤ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ ᠂ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠪᠦᠬᠦᠨ ᠢ ᠢᠯᠡ ᠪᠣᠯᠭᠠᠬᠤ ᠶᠢ ᠭᠦᠢᠴᠡᠳᠬᠡᠵᠦ ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ ᠂ ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠰᠣᠯᠢᠯᠴᠠᠭ᠎ᠠ ᠬᠠᠷᠢᠯᠴᠠᠭ᠎ᠠ ᠶᠢ ᠨᠡᠮᠡᠭᠳᠡᠭᠦᠯᠪᠡ᠃ ᠭᠤᠷᠪᠠ ᠳᠤ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠵᠠᠰᠠᠭ ᠤᠨ ᠣᠷᠳᠣᠨ ᠤ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ ᠂ ᠬᠠᠤᠯᠢ ᠶᠣᠰᠣᠭᠠᠷ ᠭᠠᠷᠭᠠᠭᠰᠠᠨ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠣᠯᠣᠨ ᠬᠠᠤᠯᠢ ᠶᠣᠰᠣᠭᠠᠷ ᠲᠣᠭᠲᠠᠭᠰᠠᠨ ᠡᠯ᠎ᠡ ᠲᠦᠷᠦᠯ ᠤᠨ ᠭᠡᠷ᠎ᠡ ᠂ ᠵᠥᠪᠯᠡᠯᠴᠡᠭᠡᠷ ᠢ ᠨᠠᠷᠢᠨ ᠬᠢᠨᠠᠮᠠᠭᠠᠢ ᠭᠦᠢᠴᠡᠳᠬᠡᠵᠦ ᠂ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠪᠡ᠃    ᠬᠤᠶᠠᠷ ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ    ᠨᠢᠭᠡ ᠳᠤ ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠠᠰᠠ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠴᠢᠨᠠᠷ ᠪᠠ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠃ ᠭᠤᠷᠪᠠ ᠳᠤ ᠂ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠃ ᠳᠥᠷᠪᠡ ᠳᠤ ᠂ ᠦᠨᠳᠦᠰᠦᠨ ᠱᠠᠲᠤᠨ ᠤ ᠵᠠᠰᠠᠯᠲᠠ ᠶᠢᠨ ᠬᠠᠤᠯᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ ᠃    ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ    2024 ᠣᠨ ᠳᠤ᠂ ᠲᠣᠭᠤᠷᠢᠭ ᠤᠨ ᠵᠠᠰᠠᠭ ᠤᠨ ᠣᠷᠳᠣᠨ ᠣᠲᠣ ᠶᠢᠨ ᠣᠷᠣᠰᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠴᠦᠷᠬᠡᠭ ᠪᠠᠭᠤᠷᠠᠢ ᠵᠦᠢᠯᠡᠰ ᠢ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ ᠰᠢᠰᠲ᠋ᠧᠮ ᠤᠨ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠨᠢᠭᠡ ᠳᠤ ᠂ ︽ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵ 2021 ︱ 2025 ᠣᠨ ︶ ︾ ᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠬᠥᠲᠥᠯᠥᠨ ᠳᠠᠭᠠᠭᠤᠯᠵᠤ ᠂ ︽ ᠬᠤᠲᠠ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠦᠢᠴᠡᠳᠬᠡᠯ ᠲᠤᠭ᠎ᠠ ᠶᠢᠨ ᠰᠢᠰᠲ᠋ᠧᠮ︾᠎ ᠢ ᠬᠠᠷᠭᠤᠭᠤᠯᠵᠤ ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠬᠦᠴᠦ ᠪᠠᠨ ᠲᠥᠪᠯᠡᠷᠡᠭᠦᠯᠦᠨ ᠡᠭᠦᠳᠦᠨ ᠪᠠᠶᠢᠭᠤᠯᠤᠨ᠎ᠠ ᠃ ᠬᠤᠶᠠᠷ ᠲᠤ ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠬᠦ ᠪᠠᠷ ᠭᠤᠣᠯᠳᠠᠯᠭ᠎ᠠ ᠪᠣᠯᠭᠠᠨ ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ ᠂ ᠬᠠᠤᠯᠢ ᠴᠠᠭᠠᠵᠠ ᠶᠢᠨ ᠵᠥᠪᠯᠡᠭᠴᠢ ᠂ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠂ ᠠᠷᠠᠳᠴᠢᠯᠠᠯᠲᠤ ᠴᠢᠨᠠᠷ ᠢ ᠳᠡᠭᠡᠭᠰᠢᠯᠡᠭᠦᠯᠦᠨ᠎ᠡ ᠃ ᠭᠤᠷᠪᠠ ᠳᠤ ᠂ ᠵᠠᠰᠠᠭ ᠵᠠᠬᠢᠷᠭᠠᠨ ᠤ ᠡᠷᠬᠡ ᠶᠢᠨ ᠵᠢᠷᠤᠮᠵᠢᠭᠤᠨ ᠠᠵᠢᠯᠯᠠᠭᠠᠨ ᠢ ᠠᠬᠢᠭᠤᠯᠬᠤ ᠪᠠᠷ ᠭᠤᠣᠯᠳᠠᠯᠭ᠎ᠠ ᠪᠣᠯᠭᠠᠨ ᠂ ᠳᠦᠷᠢᠮ ᠤᠨ ︽ ᠰᠢᠩᠭᠡᠯᠢᠭ ︾᠎ ᠢ ᠤᠯᠠᠮ ᠨᠢᠭᠡ ᠠᠯᠬᠤᠮ ᠪᠠᠲᠤ ᠪᠠᠬᠢ ᠪᠠᠬᠢᠯᠡᠵᠦ ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠲᠦᠯᠬᠢᠨ ᠠᠬᠢᠭᠤᠯᠤᠨ᠎ᠠ ᠃ ᠳᠥᠷᠪᠡ ᠳᠤ ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠂ ᠴᠢᠬᠤᠯᠠ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠲᠤᠯᠠᠬᠤ ᠪᠠᠷ ᠬᠠᠷᠠᠯᠲᠠ ᠪᠣᠯᠭᠠᠵᠤ ᠂ ︽ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︾᠎ ᠳᠠᠬᠢ ︽ 2025 ᠣᠨ ᠠᠴᠠ ᠡᠮᠦᠨ᠎ᠡ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ︾ ᠱᠠᠭᠠᠷᠳᠠᠯᠭ᠎ᠠ ᠶᠣᠰᠣᠭᠠᠷ ᠂ ᠡᠷᠲᠡ ᠠᠴᠠ ᠠᠷᠭ᠎ᠠ ᠰᠦᠪᠡᠭᠴᠢᠯᠡᠵᠦ ᠂ ᠪᠦᠬᠦ ᠲᠠᠯ᠎ᠠ ᠪᠠᠷ ᠪᠠᠶᠢᠷᠢᠰᠢᠭᠤᠯᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃                  ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ            ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ            ᠎ ᠪᠠᠷ ᠲᠣᠭᠤᠷᠢᠭ ᠢᠶᠠᠨ ᠵᠠᠰᠠᠬᠤ ᠬᠤᠷᠢᠶᠠᠨ ᠤ ᠠᠯᠪᠠᠨ ᠭᠡᠷ                                2023 ᠣᠨ ᠤ 12 ᠰᠠᠷ᠎ᠠ ᠶᠢᠨ 11 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1