ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾᠎ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/12/15
ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ      ᠶᠤᠸᠠᠨ ᠪᠤᠥ ᠱᠠᠨ ᠵᠠᠰᠠᠭ ᠠᠯᠪᠠᠨ ᠦᠰᠦᠭ [2023] 38 ᠨᠣᠮᠧᠷᠲᠤ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄    ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠣᠶᠢᠵᠢᠭᠤᠯᠬᠤ᠂ ᠮᠠᠭᠤᠳᠠᠭᠰᠠᠨ ᠣᠶ ᠎ ᠶᠢᠨ ᠬᠡᠰᠡᠭᠯᠡᠯ ᠢ ᠰᠡᠷᠭᠦᠭᠡᠬᠦ ᠵᠡᠷᠭᠡ ᠢᠨᠵᠧᠨᠧᠷᠢᠩ ᠤᠨ ᠬᠡᠷᠡᠭᠵᠢᠭᠦᠯᠦᠯᠲᠡ ᠶᠢ ᠨᠠᠩ ᠰᠠᠶᠢᠲᠤᠷ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ ᠂ ︽ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾᠎ ᠶᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                          2023 ᠣᠨ ᠤ 12 ᠰᠠᠷ᠎ᠠ ᠶᠢᠨ 13       ᠶᠤᠸᠠᠨ ᠪᠦᠦ ᠱᠠᠨ ᠲᠣᠭᠤᠷᠢᠭ ᠤᠨ ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ    ᠨᠢᠭᠡᠳᠦᠭᠡᠷ ᠪᠦᠯᠦᠭ  ᠶᠡᠷᠦᠩᠬᠡᠢ ᠳᠦᠷᠢᠮ    ᠨᠢᠭᠡᠳᠦᠭᠡᠷ ᠵᠦᠢᠯ  ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠠᠭᠤᠯᠭ᠎ᠠ ᠪᠣᠯᠣᠨ᠎ᠠ᠂ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠣᠶ ᠰᠢᠭᠤᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠣᠶ ᠰᠢᠭᠤᠢ ᠤᠷᠭᠤᠮᠠᠯ ᠬᠤᠴᠢᠯᠭ᠎ᠠ ᠶᠢ ᠰᠡᠷᠭᠦᠭᠡᠬᠦ ᠰᠦᠢᠳᠬᠡᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠮᠡᠷᠭᠡᠵᠢᠯ ᠤᠨ ᠳᠦᠷᠢᠮ ᠤᠨ ᠪᠠᠷᠢᠮᠵᠢᠶ᠎ᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ  ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠣᠨ ᠲᠤᠰ ᠱᠠᠲᠤᠨ ᠤ ᠡᠳ᠋ ᠤᠨ ᠵᠠᠰᠠᠭ ᠎ ᠤᠨ ᠪᠠᠭᠤᠯᠭᠠᠭᠰᠠᠨ ᠲᠤᠰᠬᠠᠢ ᠵᠦᠢᠯ ᠤᠨ ᠪᠡᠯᠡ ᠮᠥᠩᠭᠦ ︵ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠪᠠᠭᠲᠠᠨ᠎ᠠ ︶ ᠪᠠᠶᠢᠵᠤ ᠂ ᠭᠤᠣᠯᠳᠠᠭᠤ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ ᠂ ᠡᠭᠦᠨ ᠎ ᠳᠤ ᠬᠥᠮᠥᠨ ᠎ ᠤ ᠬᠦᠴᠦ ᠪᠠᠷ ᠣᠶᠢᠵᠢᠭᠤᠯᠬᠤ ᠂ ᠠᠭᠤᠯᠠ ᠶᠢ ᠪᠢᠲᠡᠭᠦᠮᠵᠢᠯᠡᠨ ᠤᠢ ᠪᠣᠶᠢᠵᠢᠭᠤᠯᠬᠤ ᠂ ᠮᠠᠭᠤᠵᠢᠷᠠᠭᠰᠠᠨ ᠤᠢ ᠶᠢᠨ ᠬᠡᠰᠡᠭᠯᠡᠯ ᠢ ᠰᠡᠷᠭᠦᠭᠡᠨ ᠥᠭᠡᠷᠡᠴᠢᠯᠡᠬᠦ ᠂ ᠳᠤᠮᠳᠠ ᠨᠢᠯᠬ᠎ᠠ ᠤᠢ ᠎ ᠶᠢ ᠠᠷᠠᠴᠢᠯᠠᠨ ᠪᠣᠶᠢᠵᠢᠭᠤᠯᠬᠤ ᠵᠡᠷᠭᠡ ᠣᠶᠢᠵᠢᠭᠤᠯᠬᠤ ᠂ ᠡᠪᠡᠰᠦ ᠲᠡᠷᠢᠬᠤ ᠲᠥᠷᠥᠯ ᠵᠦᠢᠯ ᠪᠠᠭᠲᠠᠨ᠎ᠠ᠃    ᠭᠤᠷᠪᠠᠳᠤᠭᠠᠷ ᠵᠦᠢᠯ  ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠣᠯ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ ᠭᠤᠣᠯᠳᠠᠭᠤ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃    ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ ᠨᠢ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠂ ᠡᠭᠦᠨ ᠳᠤ ᠭᠤᠣᠯᠳᠠᠭᠤ᠄ ᠳᠡᠭᠡᠳᠦ ᠱᠠᠲᠤᠨ ᠠᠴᠠ ᠪᠠᠭᠤᠯᠭᠠᠭᠰᠠᠨ ᠲᠤᠰᠬᠠᠢ ᠪᠡᠯᠡ ᠮᠥᠩᠭᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠢᠨᠵᠧᠨᠧᠷᠢᠩ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠲᠥᠷᠥᠯ ᠵᠦᠢᠯ ᠤᠨ ᠲᠥᠯᠥᠪᠯᠡᠭᠡ ᠵᠢᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠣᠬᠢᠷᠠᠭᠤᠯᠬᠤ᠂ ᠬᠤᠪᠢᠷᠠᠭᠤᠯᠬᠤ ᠶᠢ ᠵᠣᠬᠢᠶᠠᠨ ᠪᠠᠶᠢᠭᠤᠯᠬᠤ︔ ᠲᠤᠰ ᠱᠠᠲᠤᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠎ ᠤᠨ ᠢᠨᠵᠧᠨᠧᠷᠢᠩ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ︔ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠪᠠᠶᠢᠴᠠᠭᠠᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ︔ ᠭᠤᠶᠤᠴᠢᠯᠠᠬᠤ᠂ ᠪᠠᠷᠢᠯᠭ᠎ᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠥᠭᠬᠦ︔ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠬᠤ ᠵᠡᠷᠭᠡ ᠪᠣᠯᠣᠨ᠎ᠠ᠃    ᠳᠥᠷᠪᠡᠳᠦᠭᠡᠷ ᠵᠦᠢᠯ  ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠬᠠᠮᠢᠶᠠᠷᠤᠨ ᠬᠡᠷᠡᠭᠯᠡᠨ᠎ᠡ᠃ ᠲᠤᠬᠠᠶᠢᠯᠠᠪᠠᠯ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠶᠣᠰᠣᠭᠠᠷ ᠂ ᠥᠪᠡᠷ ᠲᠡᠭᠡᠨ ᠴᠤᠭᠯᠠᠭᠤᠯᠤᠭᠰᠠᠨ ᠪᠡᠯᠡ ᠮᠥᠩᠭᠦ ᠪᠠᠷ ᠢᠶᠠᠨ ᠤᠷᠢᠳᠠᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠶᠢᠨ ᠬᠠᠮᠲᠤ ᠲᠣᠭᠲᠠᠭᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠠᠵᠢᠯ ᠢᠶᠠᠨ ᠳᠠᠭᠤᠰᠬᠠᠵᠤ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠵᠣᠬᠢᠶᠠᠨ ᠪᠠᠶᠢᠭᠤᠯᠤᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠠᠶᠢᠭᠤᠯᠤᠭᠰᠠᠨ ᠲᠥᠷᠥᠯ ᠵᠦᠢᠯ ᠎ ᠳᠤ ᠵᠢᠷᠤᠭ ᠲᠥᠯᠥᠪᠯᠡᠭᠡ ᠶᠢᠨ ᠶᠣᠰᠣᠭᠠᠷ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠡᠯᠡ ᠮᠥᠩᠭᠦ ᠶᠢᠨ ᠨᠥᠬᠦᠪᠦᠷᠢ ᠣᠯᠭᠤᠨ᠎ᠠ᠃    ᠲᠠᠪᠤᠳᠤᠭᠠᠷ ᠵᠦᠢᠯ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠎ ᠳᠤ ᠳᠣᠣᠷᠠᠬᠢ ᠵᠠᠷᠴᠢᠮ ᠢ ᠵᠢᠷᠤᠮᠯᠠᠨ᠎ᠠ ᠄    ︵ᠨᠢᠭᠡ︶ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠣᠷᠣᠭᠤᠯᠤᠯᠲᠠ ᠶᠢ ᠵᠣᠷᠢᠭᠵᠢᠭᠤᠯᠬᠤ ᠵᠠᠷᠴᠢᠮ ᠢ ᠪᠠᠷᠢᠮᠲᠠᠯᠠᠨ᠎ᠠ᠃ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠡᠯ᠎ᠡ ᠲᠥᠷᠥᠯ ᠤᠨ ᠨᠡᠶᠢᠭᠡᠮ ᠤᠨ ᠭᠤᠣᠯ ᠴᠣᠭᠴᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠡᠯ᠎ᠡ ᠲᠥᠷᠥᠯ ᠤᠨ ᠨᠡᠶᠢᠭᠡᠮ ᠤᠨ ᠭᠤᠣᠯ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠥᠨ᠎ᠡ᠃    ︵ᠬᠤᠶᠠᠷ︶ ᠭᠤᠣᠯᠳᠠᠯᠭ᠎ᠠ ᠶᠢ ᠳᠣᠪᠤᠶᠢᠯᠭᠠᠬᠤ᠂ ᠢᠯᠡ ᠲᠣᠳᠣ ᠪᠠᠶᠢᠯᠭᠠᠬᠤ ᠵᠠᠷᠴᠢᠮ ᠢ ᠪᠠᠷᠢᠮᠲᠠᠯᠠᠨ᠎ᠠ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠳᠡᠶᠢᠯᠬᠦ᠂ ᠵᠣᠬᠢᠬᠤ ᠬᠡᠪᠴᠢᠶ᠎ᠡ ᠲᠠᠢ ᠢᠨᠵᠧᠨᠧᠷᠢᠩ ᠢ ᠤᠷᠢᠳᠠᠪᠠᠷ ᠲᠡᠳᠬᠦᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠡ ᠪᠣᠯᠭᠠᠵᠤ᠂ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃    ︵ᠭᠤᠷᠪᠠ︶ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠵᠠᠷᠴᠢᠮ ᠢ ᠪᠠᠷᠢᠮᠲᠠᠯᠠᠨ᠎ᠠ᠃ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠵᠢᠴᠢ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠣᠶ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠢ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠪᠠ ᠲᠠᠷᠢᠶᠠᠴᠢᠳ ᠤᠨ ᠪᠠᠶᠠᠵᠢᠯ ᠳᠤ ᠦᠢᠯᠡᠴᠢᠯᠡᠨ᠎ᠡ᠃    ᠬᠤᠶᠠᠳᠤᠭᠠᠷ ᠪᠦᠯᠦᠭ  ᠪᠠᠷᠢᠯᠭ᠎ᠠ ᠶᠢ ᠵᠣᠬᠢᠶᠠᠨ ᠪᠠᠶᠢᠭᠤᠯᠵᠤ ᠬᠠᠮᠢᠶᠠᠷᠬᠤ ᠪᠠ ᠬᠡᠷᠡᠭᠵᠢᠭᠦᠯᠬᠦ    ᠵᠢᠷᠭᠤᠳᠤᠭᠠᠷ ᠵᠦᠢᠯ  ᠢᠨᠵᠧᠨᠧᠷᠢᠩ ᠢ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠵᠤ ᠂ ᠵᠢᠯ ᠪᠦᠷᠢ ᠳᠡᠭᠡᠳᠦ ᠱᠠᠲᠤᠨ ᠤ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠪᠠᠭᠤᠯᠭᠠᠭᠰᠠᠨ ᠪᠠ ᠲᠤᠰ ᠱᠠᠲᠤᠨ ᠤ ᠵᠠᠰᠠᠭ ᠤᠨ ᠣᠷᠳᠣᠨ ᠎ ᠤ ᠲᠣᠬᠢᠷᠠᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠶᠣᠰᠣᠭᠠᠷ ᠂ ᠪᠥᠬᠦ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠬᠢᠷᠠᠭᠤᠯᠤᠨ᠎ᠠ ᠃ ᠳᠡᠭᠡᠳᠦ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠬᠤ ᠡᠭᠦᠷᠭᠡ ᠪᠠᠭᠤᠯᠭᠠᠵᠤ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠪᠡᠯᠡ ᠣᠷᠣᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠠᠷᠢᠯᠭ᠎ᠠ ᠶᠢᠨ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠳᠡᠭᠡᠳᠦ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠤᠶᠤ ᠳᠠᠩᠰᠠᠯᠠᠭᠤᠯᠤᠨ᠎ᠠ︔ ᠲᠣᠰ ᠱᠠᠲᠤᠨ ᠤ ᠵᠠᠰᠠᠭ ᠤᠨ ᠣᠷᠳᠣᠨ ᠤ ᠲᠣᠬᠢᠷᠠᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠡᠯ᠎ᠡ ᠪᠠᠯᠭᠠᠰᠤ ᠰᠢᠶᠠᠩ᠂ ᠣᠶ ᠰᠢᠭᠤᠢ ᠶᠢᠨ ᠲᠠᠯᠠᠪᠠᠶ᠂ ᠣᠶ ᠰᠢᠭᠤᠢ ᠶᠢᠨ ᠭᠠᠵᠠᠷ ᠠᠴᠠ ᠳᠡᠭᠡᠳᠦ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠪᠠᠷᠢᠯᠭ᠎ᠠ ᠶᠢᠨ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃    ᠳᠣᠯᠣᠳᠤᠭᠠᠷ ᠵᠦᠢᠯ  ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠨᠢ ᠲᠦᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠵᠤ ᠂ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠭᠠᠵᠠᠷ ᠢ ᠲᠡᠭᠰᠢᠯᠡᠬᠦ ᠂ ᠴᠢᠬᠢ ᠮᠣᠳᠣ ᠬᠤᠳᠠᠯᠳᠤᠨ ᠠᠪᠬᠤ ᠂ ᠴᠢᠬᠢ ᠰᠠᠭᠤᠯᠭᠠᠵᠤ ᠡᠪᠡᠰᠦ ᠲᠠᠷᠢᠬᠤ ᠂ ᠠᠷᠠᠴᠢᠯᠠᠨ ᠪᠣᠶᠢᠵᠢᠭᠤᠯᠵᠤ ᠬᠠᠮᠢᠶᠠᠷᠤᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠃    ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠦᠭᠡ᠂ ᠢᠨᠵᠧᠨᠧᠷᠢᠩ ᠢ ᠬᠡᠷᠡᠭᠵᠢᠭᠦᠯᠬᠦ ᠳᠤ ᠨᠡᠯᠢᠶᠡᠳ ᠬᠦᠴᠢᠷᠲᠡᠢ ᠭᠠᠵᠠᠷ ᠣᠷᠣᠨ ᠳᠤ᠂ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠨᠢ ᠲᠣᠰ ᠣᠷᠣᠨ ᠤ ᠲᠤᠰᠬᠠᠢ ᠮᠡᠷᠭᠡᠵᠢᠯ ᠤᠨ ᠨᠣᠭᠤᠭᠠᠷᠠᠭᠤᠯᠤᠯᠲᠠ ᠶᠢᠨ ᠡᠩᠨᠡᠭᠡ᠂ ᠲᠤᠰᠬᠠᠢ ᠠᠵᠢᠯ ᠤᠨ ᠬᠤᠷᠰᠢᠶ᠎ᠠ ᠪᠤᠶᠤ ᠣᠶᠢᠵᠢᠭᠤᠯᠵᠤ ᠨᠣᠭᠤᠭᠠᠷᠠᠭᠤᠯᠬᠤ ᠠᠵᠤ ᠠᠬᠤᠶᠢᠯᠠᠯ ᠳᠤ ᠨᠠᠶᠢᠳᠠᠨ ᠬᠡᠷᠡᠭᠵᠢᠭᠦᠯᠵᠦ ᠪᠣᠯᠣᠨ᠎ᠠ᠂ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠨᠢ ᠨᠠᠶᠢᠳᠠᠯᠭ᠎ᠠ ᠬᠦᠯᠢᠶᠡᠭᠰᠡᠨ ᠲᠠᠯ᠎ᠠ ᠯᠤᠭ᠎ᠠ ᠨᠠᠶᠢᠳᠠᠨ ᠣᠶᠢᠵᠢᠭᠤᠯᠬᠤ ᠭᠡᠷ᠎ᠡ ᠲᠣᠭᠲᠠᠵᠤ᠂ ᠬᠤᠶᠠᠷ ᠲᠠᠯ᠎ᠠ ᠶᠢᠨ ᠡᠷᠬᠡ ᠡᠭᠦᠷᠭᠡ ᠶᠢ ᠲᠣᠳᠣᠷᠬᠠᠶᠢᠯᠠᠨ᠂ ᠨᠠᠶᠢᠳᠠᠯᠭ᠎ᠠ ᠬᠦᠯᠢᠶᠡᠭᠰᠡᠨ ᠭᠤᠷᠪᠠᠳᠤᠭᠠᠷ ᠲᠠᠯ᠎ᠠ ᠨᠢ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠣᠨ᠎ᠠ᠃    ᠲᠥᠷᠥᠯ ᠵᠦᠢᠯ ᠤᠨ ᠪᠡᠯᠡ ᠮᠥᠩᠭᠦ ᠶᠢ ᠥᠭᠬᠦ ᠡᠲᠡᠭᠡᠳ ᠨᠢ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠣᠨ᠎ᠠ᠃    ᠨᠠᠢᠮᠠᠳᠤᠭᠠᠷ ᠵᠦᠢᠯ  ᠡᠯ᠎ᠡ ᠪᠠᠯᠭᠠᠰᠤ ᠰᠢᠶᠠᠩ᠂ ᠶᠤᠸᠠᠨ ᠪᠦᠦ ᠱᠠᠨ ᠣᠶ ᠰᠢᠭᠤᠢ ᠶᠢᠨ ᠲᠠᠯᠠᠪᠠᠶ᠂ ᠫᠢᠩ ᠪᠥᠸᠧ ᠺᠣᠮᠫᠠᠨᠢ ᠶᠢᠨ ᠣᠶ ᠰᠢᠭᠤᠢ ᠶᠢᠨ ᠭᠠᠵᠠᠷ ᠵᠡᠷᠭᠡ  ᠨᠢᠭᠡᠴᠢ ᠨᠦᠭᠦᠳ ᠲᠥᠷᠥᠯ ᠵᠦᠢᠯ ᠤᠨ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠳᠤ ᠲᠥᠷᠥᠯ ᠵᠦᠢᠯ ᠤᠨ ᠭᠤᠶᠤᠴᠢᠯᠠᠯ ᠭᠠᠷᠭᠠᠵᠤ᠂ ᠪᠠᠷᠢᠯᠭ᠎ᠠ ᠶᠢᠨ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠵᠢᠷᠤᠭ ᠲᠥᠯᠥᠪᠯᠡᠭᠡ ᠬᠢᠬᠦ ᠳᠡᠭᠡᠨ ᠡᠯ᠎ᠡ ᠪᠠᠯᠭᠠᠰᠤ ᠰᠢᠶᠠᠩ᠂ ᠣᠶ ᠰᠢᠭᠤᠢ ᠶᠢᠨ ᠲᠠᠯᠠᠪᠠᠶ᠂ ᠡᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠣᠶ ᠰᠢᠭᠤᠢ ᠶᠢᠨ ᠭᠠᠵᠠᠷ ᠪᠣᠯᠣᠨ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠤ ᠰᠠᠨᠠᠯ ᠢ ᠭᠦᠢᠴᠡᠳ ᠬᠦᠨᠳᠦᠳᠬᠡᠵᠦ᠂ ᠬᠤᠯᠪᠣᠭᠳᠠᠯ ᠪᠦᠬᠦᠢ ᠮᠡᠷᠭᠡᠵᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠵᠢᠷᠤᠭ ᠲᠥᠯᠥᠪᠯᠡᠭᠡ ᠬᠢᠬᠦ ᠬᠡᠷᠡᠭᠲᠡᠢ᠃    ᠶᠢᠰᠦᠳᠦᠭᠡᠷ ᠵᠦᠢᠯ  ᠲᠦᠷᠥᠯ ᠵᠦᠢᠯ ᠳᠤ ᠭᠡᠷ᠎ᠡ ᠶᠢᠨ ᠳᠦᠷᠢᠮᠲᠦ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠨᠢ ᠢᠨᠵᠧᠨᠧᠷᠢᠩ ᠢ ᠬᠡᠷᠡᠭᠵᠢᠭᠦᠯᠬᠦ ᠭᠤᠣᠯ ᠴᠣᠭᠴᠠ ᠯᠤᠭ᠎ᠠ ᠭᠡᠷ᠎ᠡ ᠲᠣᠭᠲᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠬᠡᠪᠴᠢᠶ᠎ᠡ ᠂ ᠴᠢᠬᠢ ᠮᠣᠳᠣ᠂ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ ᠬᠠᠮᠢᠶᠠᠷᠴᠤ ᠬᠠᠮᠠᠭᠠᠯᠠᠬᠤ᠂ ᠮᠡᠷᠭᠡᠵᠢᠯ ᠤᠨ ᠲᠤᠯᠭᠠᠭᠤᠷᠢᠯᠠᠯ᠂ ᠪᠡᠯᠡ ᠮᠥᠩᠭᠦ ᠥᠭᠬᠦ ᠵᠡᠷᠭᠡ ᠪᠣᠳᠠᠲᠠᠢ ᠠᠭᠤᠯᠭ᠎ᠠ ᠶᠢ ᠪᠣᠯᠵᠣᠨ ᠲᠣᠭᠲᠠᠵᠤ᠂ ᠲᠣᠰ ᠲᠣᠰ ᠤᠨ ᠡᠷᠬᠡ ᠡᠭᠦᠷᠭᠡ ᠵᠢᠴᠢ ᠭᠡᠷ᠎ᠡ ᠵᠥᠷᠢᠴᠡᠭᠰᠡᠨ ᠬᠠᠷᠢᠭᠤᠴᠠᠯᠭ᠎ᠠ ᠶᠢ ᠲᠣᠭᠲᠠᠭᠠᠨ᠎ᠠ᠃    ᠠᠷᠪᠠᠳᠤᠭᠠᠷ ᠵᠦᠢᠯ  ᠲᠥᠷᠥᠯ ᠵᠦᠢᠯ ᠢ ᠡᠷᠬᠡᠪᠰᠢ ᠵᠢᠷᠤᠭᠯᠠᠨ ᠲᠥᠯᠥᠪᠯᠡᠵᠦ ᠪᠠᠷᠢᠯᠭ᠎ᠠ ᠪᠠᠷᠢᠬᠤ ᠂ ᠭᠠᠵᠠᠷ ᠲᠡᠭᠰᠢᠯᠡᠬᠦ ᠠᠷᠭ᠎ᠠ ᠮᠠᠶ᠋ᠢᠭ᠂ ᠵᠤᠯᠵᠠᠭ᠎ᠠ ᠮᠣᠳᠣᠨ ᠤ ᠲᠥᠷᠥᠯ ᠵᠦᠢᠯ ᠪᠣᠯᠣᠨ ᠬᠡᠪ ᠪᠠᠷᠢᠮᠵᠢᠶ᠎ᠠ ᠂ ᠣᠶᠢᠵᠢᠭᠤᠯᠬᠤ ᠨᠢᠭᠲᠠᠴᠠ ᠂ ᠠᠷᠠᠴᠢᠯᠠᠨ ᠪᠣᠶᠢᠵᠢᠭᠤᠯᠬᠤ ᠠᠷᠭ᠎ᠠ ᠬᠡᠮᠵᠢᠶ᠎ᠡ ᠵᠡᠷᠭᠡ ᠶᠢ ᠡᠷᠬᠡᠪᠰᠢ ᠬᠤᠯᠪᠣᠭᠳᠠᠯ ᠪᠦᠬᠦᠢ ᠣᠶᠢᠵᠢᠭᠤᠯᠬᠤ ᠮᠡᠷᠭᠡᠵᠢᠯ ᠎ ᠤᠨ ᠳᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ ᠃ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠂ ᠪᠠᠯᠭᠠᠰᠤ ᠰᠢᠶᠠᠩ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠦᠷᠳᠡᠭᠡ ᠨᠦᠭᠦᠳ ᠮᠡᠷᠭᠡᠵᠢᠯ ᠤᠨ ᠵᠢᠯᠣᠭᠤᠳᠤᠯᠭ᠎ᠠ ᠪᠠ ᠪᠠᠷᠢᠯᠭ᠎ᠠ ᠶᠢᠨ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ ᠃    ᠭᠤᠷᠪᠠᠳᠤᠭᠠᠷ ᠪᠦᠯᠦᠭ  ᠲᠥᠷᠥᠯ ᠵᠥᠢᠯ ᠤᠨ ᠶᠠᠰᠤ ᠴᠢᠨᠠᠷ ᠤᠨ ᠬᠠᠮᠢᠶᠠᠷᠤᠯᠲᠠ    ᠠᠷᠪᠠᠨ ᠨᠢᠭᠡᠳᠦᠭᠡᠷ ᠵᠦᠢᠯ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠎ ᠳᠤ ᠡᠷᠬᠡᠪᠰᠢ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠂ ᠴᠢᠩᠭ᠎ᠠ ᠱᠠᠭᠠᠷᠳᠠᠯᠭ᠎ᠠ ᠲᠠᠯᠪᠢᠵᠤ ᠂ ᠤᠢ ᠰᠢᠭᠤᠢ ᠡᠪᠡᠰᠦ ᠪᠡᠯᠴᠢᠭᠡᠷ ᠎ ᠤᠨ ᠰᠠᠯᠠᠭ᠎ᠠ ᠮᠥᠴᠢᠷ ᠡᠷᠬᠡᠪᠰᠢ ᠶᠠᠰᠤ ᠴᠢᠨᠠᠷ ᠎ ᠤᠨ ᠪᠣᠭᠤᠮᠲᠠ ᠶᠢ ᠴᠢᠩᠭ᠎ᠠ ᠠᠳᠬᠤᠵᠤ ᠂ ᠵᠢᠷᠤᠭᠯᠠᠨ ᠲᠥᠯᠥᠪᠯᠡᠬᠦ ᠠᠴᠠ ᠪᠠᠷᠢᠯᠭ᠎ᠠ ᠪᠠᠷᠢᠬᠤ ᠬᠦᠷᠲᠡᠯᠡᠬᠢ ᠡᠯ᠎ᠡ ᠭᠤᠭᠴᠤᠭ᠎ᠠ ᠳᠤ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠎ ᠤ ᠬᠤᠯᠪᠣᠭᠳᠠᠯ ᠪᠦᠬᠦᠢ ᠮᠡᠷᠭᠡᠵᠢᠯ ᠎ ᠤᠨ ᠳᠦᠷᠢᠮ ᠎ ᠢ ᠴᠢᠩᠭ᠎ᠠ ᠬᠡᠷᠡᠭᠵᠢᠭᠦᠯᠬᠦ ᠬᠡᠷᠡᠭᠲᠡᠢ ᠃    ᠠᠷᠪᠠᠨ ᠬᠤᠶᠠᠳᠤᠭᠠᠷ ᠵᠦᠢᠯ  ᠲᠥᠷᠥᠯ ᠵᠦᠢᠯ ᠤᠨ ᠴᠢᠬᠢ ᠮᠣᠳᠣ ᠂ ᠦᠷ᠎ᠡ ᠶᠢ ᠬᠡᠷᠡᠭᠵᠢᠭᠦᠯᠬᠦ ᠭᠤᠣᠯ ᠴᠣᠭᠴᠠ ᠠᠴᠠ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠥᠪᠡᠷ ᠲᠡᠭᠡᠨ ᠬᠤᠳᠠᠯᠳᠤᠨ ᠠᠪᠴᠤ ᠰᠢᠯᠵᠢᠭᠦᠯᠦᠨ ᠲᠡᠭᠡᠭᠡᠪᠦᠷᠢᠯᠡᠬᠦ ᠬᠡᠷᠡᠭᠲᠡᠢ ᠃ ᠲᠤᠰ ᠭᠠᠵᠠᠷ ᠤᠨ ᠴᠢᠨᠠᠷ ᠰᠠᠶᠢᠲᠠᠢ ᠬᠢᠷᠢ ᠲᠡᠩᠴᠡᠭᠰᠡᠨ ᠦᠷ᠎ᠡ ᠶᠢᠨ ᠴᠢᠬᠢ ᠶᠢ ᠡᠩ ᠲᠡᠷᠢᠭᠦᠨ ᠎ ᠳᠤ ᠰᠣᠩᠭᠤᠨ ᠬᠡᠷᠡᠭᠯᠡᠵᠦ ᠂ ᠬᠡᠷᠡᠭᠯᠡᠬᠦ ᠴᠢᠬᠢ ᠮᠣᠳᠣ ᠶᠢᠨ ᠬᠡᠪ ᠪᠠᠷᠢᠮᠵᠢᠶ᠎ᠠ ᠨᠢ ᠡᠷᠬᠡᠪᠰᠢ I ᠳᠡᠰ ᠎ ᠤᠨ ᠴᠢᠬᠢ ᠮᠣᠳᠣ ᠪᠠᠶᠢᠬᠤ ᠬᠡᠷᠡᠭᠲᠡᠢ ᠃ ᠡᠭᠦᠨ ᠤ ᠬᠠᠮᠲᠤ ᠬᠤᠶᠠᠷ ᠦᠨᠡᠮᠯᠡᠯ ᠨᠢᠭᠡ ᠭᠠᠷ ᠤᠨ ᠦᠰᠦᠭ ᠵᠢᠷᠤᠬᠤ ᠂ ᠲᠤᠬᠠᠶᠢᠯᠠᠪᠠᠯ ᠴᠢᠬᠢ ᠮᠣᠳᠣ ᠶᠢᠨ ᠬᠢᠵᠢᠭ ᠪᠠᠶᠢᠴᠠᠭᠠᠭᠰᠠᠨ ᠦᠨᠡᠮᠯᠡᠯ ᠂ ᠦᠷ᠎ᠡ ᠎ ᠶᠢᠨ ᠴᠢᠬᠢ ᠮᠣᠳᠣ ᠶᠢᠨ ᠬᠢᠷᠢ ᠲᠡᠩᠴᠡᠭᠰᠡᠨ ᠦᠨᠡᠮᠯᠡᠯ ᠪᠣᠯᠣᠨ ᠦᠷ᠎ᠡ ᠎ ᠶᠢᠨ ᠴᠢᠬᠢ ᠮᠣᠳᠣ ᠶᠢᠨ ᠱᠣᠰᠢᠭ᠎ᠠ ᠲᠡᠮᠳᠡᠭ ᠢ ᠳᠠᠭᠠᠯᠳᠤᠭᠤᠯᠵᠤ ᠂ ᠬᠢᠷᠢ ᠲᠡᠩᠴᠡᠬᠦ ᠦᠭᠡᠢ ᠴᠢᠬᠢ ᠮᠣᠳᠣ ᠵᠢᠴᠢ ᠡᠪᠡᠳᠴᠢᠨ ᠬᠤᠷᠣᠬᠠᠢ ᠶᠢᠨ ᠬᠥᠨᠥᠭᠡᠯ ᠲᠠᠢ ᠴᠢᠬᠢ ᠮᠣᠳᠣ ᠬᠡᠷᠡᠭᠯᠡᠬᠦ ᠶᠢ ᠲᠠᠰᠤ ᠵᠣᠭᠰᠤᠭᠠᠬᠤ ᠬᠡᠷᠡᠭᠲᠡᠢ ᠃ ᠬᠤᠶᠠᠷ ᠦᠨᠡᠮᠯᠡᠯ ᠨᠢᠭᠡ ᠭᠠᠷ ᠤᠨ ᠥᠰᠥᠭ ᠵᠢᠷᠤᠭᠰᠠᠨ ᠦᠭᠡᠢ ᠴᠢᠬᠢ ᠮᠣᠳᠣ ᠶᠢ ᠬᠡᠷᠡᠭᠯᠡᠭᠰᠡᠨ ᠪᠠᠷᠢᠯᠭ᠎ᠠ ᠶᠢ ᠰᠢᠯᠭᠠᠨ ᠠᠪᠬᠤ ᠦᠭᠡᠢ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ ᠦᠭᠡᠢ᠃    ᠠᠷᠪᠠᠨ ᠭᠤᠷᠪᠠᠳᠤᠭᠠᠷ ᠵᠦᠢᠯ   ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠎ ᠤᠨ ᠬᠤᠪᠢᠶᠠᠷᠢ ᠲᠣᠪᠴᠢᠶ᠎ᠠ ᠬᠢᠭᠡᠳ ᠢᠨᠵᠧᠨᠧᠷᠢᠩ ᠢ ᠬᠡᠷᠡᠭᠵᠢᠭᠦᠯᠬᠦ ᠭᠤᠣᠯ ᠴᠣᠭᠴᠠ ᠯᠤᠭ᠎ᠠ ᠲᠣᠭᠲᠠᠭᠰᠠᠨ ᠨᠢᠭᠡᠳᠦᠯᠲᠡᠢ ᠬᠡᠪ ᠳᠦᠷᠢᠮ ᠎ ᠤᠨ ᠭᠡᠷ᠎ᠡ ᠎ ᠳᠤ ᠡᠷᠬᠡᠪᠰᠢ ᠲᠥᠷᠥᠯ ᠵᠦᠢᠯ ᠎ ᠤᠨ ᠮᠡᠷᠭᠡᠵᠢᠯ ᠎ ᠤᠨ ᠳᠦᠷᠢᠮ ᠂ ᠦᠷ᠎ᠡ ᠪᠠ ᠵᠤᠯᠵᠠᠭ᠎ᠠ ᠮᠣᠳᠣᠨ ᠤ ᠪᠠᠷᠢᠮᠵᠢᠶ᠎ᠠ ᠂ ᠡᠳᠡᠭᠡᠷᠡᠯᠲᠡ ᠶᠢᠨ ᠨᠤᠷᠮ᠎ᠠ ᠂ ᠬᠠᠳᠠᠭᠠᠯᠠᠯᠲᠠ ᠶᠢᠨ ᠨᠤᠷᠮ᠎ᠠ ᠶᠢ ᠵᠢᠷᠤᠮᠵᠢᠭᠤᠯᠤᠨ ᠴᠢᠩᠭ᠎ᠠ ᠱᠠᠭᠠᠷᠳᠠᠬᠤ ᠬᠡᠷᠡᠭᠲᠡᠢ ᠃    ᠠᠷᠪᠠᠨ ᠳᠥᠷᠪᠡᠳᠦᠭᠡᠷ ᠵᠦᠢᠯ  ᠲᠥᠷᠥᠯ ᠵᠦᠢᠯ ᠳᠤ ᠲᠤᠰ ᠵᠢᠯ ᠎ ᠳᠤᠨᠢ ᠲᠤᠰ ᠵᠢᠯ ᠎ ᠤᠨ ᠪᠠᠶᠢᠴᠠᠭᠠᠯᠲᠠ ᠬᠢᠵᠦ ᠰᠢᠯᠭᠠᠨ ᠠᠪᠬᠤ ᠶᠢ ᠬᠡᠷᠡᠭᠵᠢᠭᠦᠯᠵᠦ ᠂ ᠡᠳᠡᠭᠡᠷᠡᠭᠰᠡᠨ ᠨᠤᠷᠮ᠎ᠠ ᠨᠢ 85%᠎ ᠠᠴᠠ ᠳᠡᠭᠡᠭᠰᠢ ᠬᠥᠷᠥᠭᠰᠡᠨ ᠎ ᠢ ᠬᠢᠷᠢ ᠲᠡᠩᠴᠡᠭᠰᠡᠨ ᠎ ᠢᠶᠠᠷ ᠪᠤᠳᠤᠨ᠎ᠠ ᠃ ᠬᠤᠶᠠᠳᠤᠭᠠᠷ ᠵᠢᠯ ᠳᠤ ᠰᠢᠯᠭᠠᠨ ᠬᠤᠷᠢᠶᠠᠵᠤ ᠬᠠᠳᠠᠭᠠᠯᠠᠬᠤ ᠨᠣᠷᠮ᠎ᠠ ᠶᠢ ᠪᠠᠲᠤᠯᠠᠵᠤ᠂ ᠠᠵᠤ ᠠᠬᠤᠢ ᠶᠢᠨ ᠣᠶ ᠪᠣᠯᠣᠨ ᠲᠠᠷᠢᠶᠠᠯᠠᠩ ᠤᠨ ᠰᠡᠷᠭᠡᠶᠢᠯᠡᠯᠲᠡ ᠶᠢᠨ ᠣᠶ ᠶᠢᠨ ᠬᠠᠳᠠᠭᠠᠯᠠᠬᠤ ᠨᠣᠷᠮ᠎ᠠ ᠶᠢ 85% ᠎ ᠠᠴᠠ ᠳᠡᠭᠡᠭᠰᠢ ᠳᠤ ᠬᠦᠷᠦᠭᠦᠯᠵᠦ᠂ ᠪᠤᠰᠤᠳ ᠲᠥᠷᠥᠯ ᠵᠦᠢᠯ ᠤᠨ ᠬᠠᠳᠠᠭᠠᠯᠠᠬᠤ ᠨᠣᠷᠮ᠎ᠠ ᠶᠢᠨ 70%᠎ ᠠᠴᠠ ᠳᠡᠭᠡᠭᠰᠢᠬᠢ ᠶᠢ ᠬᠢᠷᠢ ᠲᠡᠩᠴᠡᠭᠰᠡᠨ ᠢᠶᠠᠷ ᠲᠣᠭᠠᠴᠠᠨ᠎ᠠ᠃    ᠳᠥᠷᠪᠡᠳᠦᠭᠡᠷ ᠪᠦᠯᠦᠭ  ᠪᠡᠯᠡ ᠮᠥᠩᠭᠦᠨ ᠤ ᠬᠠᠮᠢᠶᠠᠷᠤᠯᠲᠠ    ᠠᠷᠪᠠᠨ ᠲᠠᠪᠤᠳᠤᠭᠠᠷ ᠵᠦᠢᠯ  ᠲᠥᠷᠥᠯ ᠵᠦᠢᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠰᠢᠯᠭᠠᠨ ᠠᠪᠬᠤ ᠳᠤ ᠬᠢᠷᠢ ᠲᠡᠩᠴᠡᠪᠡᠯ᠂ ᠭᠡᠷ᠎ᠡ ᠶᠢᠨ ᠲᠣᠭᠲᠠᠭᠠᠯ ᠶᠣᠰᠣᠭᠠᠷ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠲᠥᠷᠥᠯ ᠵᠦᠢᠯ ᠤᠨ ᠪᠡᠯᠡ ᠮᠥᠩᠭᠦ ᠥᠭᠬᠦ ᠶᠢ ᠭᠤᠶᠤᠴᠢᠯᠠᠬᠤ ᠬᠡᠷᠡᠭᠲᠡᠢ᠃ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠭᠤᠷᠪᠠᠳᠠᠭᠢ ᠡᠲᠡᠭᠡᠳ ᠲᠤ ᠨᠠᠶᠢᠳᠠᠵᠤ ᠬᠡᠷᠡᠭᠵᠢᠭᠦᠯᠦᠭᠦᠯᠦᠭᠰᠡᠨ ᠪᠠᠶᠢᠪᠠᠯ ᠂ ᠬᠤᠶᠠᠷ ᠡᠲᠡᠭᠡᠳ ᠤᠨ ᠲᠣᠭᠲᠠᠭᠠᠭᠰᠠᠨ ᠬᠡᠯᠡᠯᠴᠡᠭᠡᠷ ᠤᠨ ᠲᠣᠭᠲᠠᠭᠠᠯ ᠶᠣᠰᠣᠭᠠᠷ ᠲᠥᠷᠥᠯ ᠵᠦᠢᠯ ᠤᠨ ᠪᠡᠯᠡ ᠮᠥᠩᠭᠦ ᠶᠢ ᠥᠭᠴᠦ ᠪᠣᠯᠣᠨ᠎ᠠ ᠃    ᠠᠷᠪᠠᠨ ᠵᠢᠷᠭᠤᠳᠤᠭᠠᠷ ᠵᠦᠢᠯ  ᠲᠥᠷᠥᠯ ᠵᠦᠢᠯ ᠎ ᠳᠤ ᠳᠠᠩᠰᠠ ᠮᠡᠳᠡᠭᠦᠯᠬᠦ ᠳᠦᠷᠢᠮ ᠢ ᠬᠡᠷᠡᠭᠵᠢᠭᠦᠯᠵᠦ ᠂ ᠲᠤᠰᠬᠠᠢ ᠵᠣᠭᠤᠰ ᠢ ᠲᠤᠰᠬᠠᠢ ᠵᠦᠢᠯ ᠎ ᠳᠤᠨᠢ ᠬᠡᠷᠡᠭᠯᠡᠬᠦ ᠂ ᠲᠤᠰᠬᠠᠢ ᠳᠠᠩᠰᠠ ᠪᠠᠷ ᠲᠣᠭᠠᠴᠠᠭ᠎ᠠ ᠬᠢᠬᠦ ᠶᠢ ᠦᠨᠡᠨᠬᠦ ᠪᠠᠲᠤᠯᠠᠬᠤ ᠬᠡᠷᠡᠭᠲᠡᠢ ᠂ ᠶᠠᠮᠠᠷᠪᠠ ᠨᠢᠭᠡᠴᠢ ᠪᠣᠯᠣᠨ ᠬᠤᠪᠢ ᠬᠥᠮᠥᠨ ᠰᠢᠬᠠᠨ ᠡᠵᠡᠯᠡᠵᠦ ᠂ ᠨᠡᠭᠦᠯᠭᠡᠨ ᠬᠡᠷᠡᠭᠯᠡᠵᠦ ᠪᠣᠯᠬᠤ ᠦᠭᠡᠢ ᠃    ᠠᠷᠪᠠᠨ ᠳᠣᠯᠣᠳᠤᠭᠠᠷ ᠵᠦᠢᠯ  ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠨᠢ ᠡᠳ᠋ ᠤᠨ ᠵᠠᠰᠠᠭ ᠪᠠ ᠬᠢᠨᠠᠨ ᠪᠤᠳᠤᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ ᠂ ᠪᠡᠯᠡ ᠮᠥᠩᠭᠦ ᠶᠢ ᠰᠠᠯᠭᠠᠨ ᠥᠭᠬᠦ ᠪᠠ ᠬᠡᠷᠡᠭᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠪᠠ ᠬᠢᠨᠠᠨ ᠪᠣᠳᠣᠯᠲᠠ ᠬᠢᠬᠦ ᠬᠡᠷᠡᠭᠲᠡᠢ᠃ ᠣᠯᠵᠤ ᠮᠡᠳᠡᠭᠰᠡᠨ ᠲᠣᠭᠲᠠᠭᠠᠯ ᠢ ᠵᠥᠷᠢᠴᠡᠭᠰᠡᠨ ᠂ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠵᠤ ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠥᠷᠢᠯᠡᠨ᠎ᠡ᠃    ᠠᠷᠪᠠᠨ ᠨᠠᠢᠮᠠᠳᠤᠭᠠᠷ ᠵᠦᠢᠯ  ᠥᠭᠬᠦ ᠵᠣᠭᠤᠰ ᠎ ᠤᠨ ᠲᠤᠭ᠎ᠠ ᠄ ᠪᠠᠷᠢᠯᠭ᠎ᠠ ᠎ ᠶᠢᠨ ᠲᠥᠷᠥᠯ ᠵᠦᠢᠯ ᠤᠨ ᠵᠢᠷᠤᠭᠯᠠᠨ ᠲᠥᠯᠥᠪᠯᠡᠭᠰᠡᠨ ᠶᠣᠰᠣᠭᠠᠷ ᠂ ᠲᠥᠯᠥᠪᠵᠢᠭᠦᠯᠵᠦ ᠵᠢᠷᠤᠭᠯᠠᠨ ᠲᠥᠯᠥᠪᠯᠡᠭᠰᠡᠨ ᠵᠠᠷᠤᠳᠠᠯ 2% ᠂ ᠤᠢ ᠰᠢᠭᠤᠢ ᠎ ᠶᠢ ᠬᠠᠮᠠᠭᠠᠯᠠᠵᠤ ᠭᠠᠯ ᠰᠡᠷᠭᠡᠶᠢᠯᠡᠬᠦ ᠵᠠᠷᠤᠳᠠᠯ 1% ᠂ ᠡᠪᠡᠳᠴᠢᠨ ᠬᠤᠷᠣᠬᠠᠢ ᠎ ᠶᠢᠨ ᠭᠠᠮᠰᠢᠭ ᠢ ᠰᠡᠷᠭᠡᠶᠢᠯᠡᠨ ᠵᠠᠰᠠᠬᠤ ᠵᠠᠷᠤᠳᠠᠯ 1% ᠂ ᠬᠠᠮᠢᠶᠠᠷᠴᠤ ᠬᠠᠮᠠᠭᠠᠯᠠᠬᠤ ᠵᠠᠷᠤᠳᠠᠯ 1% ᠎ ᠢ ᠤᠢ ᠰᠢᠭᠤᠢ ᠡᠪᠡᠰᠦ ᠪᠡᠯᠴᠢᠭᠡᠷ ᠎ ᠤᠨ ᠰᠠᠯᠠᠭ᠎ᠠ ᠮᠥᠴᠢᠷ ᠠᠴᠠ ᠲᠥᠪᠯᠡᠷᠡᠭᠦᠯᠦᠨ ᠨᠢᠭᠡᠳᠦᠯᠲᠡᠢ ᠬᠡᠷᠡᠭᠯᠡᠵᠦ ᠂ ᠦᠯᠡᠳᠡᠭᠰᠡᠨ 95%᠎ ᠶᠢᠨ ᠪᠡᠯᠡ ᠮᠥᠩᠭᠦ ᠎ ᠶᠢ ᠪᠦᠬᠦᠨ ᠎ ᠢ ᠪᠠᠷᠢᠯᠭ᠎ᠠ ᠎ ᠶᠢ ᠬᠡᠷᠡᠭᠵᠢᠭᠦᠯᠬᠦ ᠭᠤᠣᠯ ᠴᠣᠭᠴᠠ  ᠳᠤ ᠥᠭᠭᠦᠨ᠎ᠡ ᠃    ᠠᠷᠪᠠ ᠶᠢᠰᠦᠳᠦᠭᠡᠷ ᠵᠦᠢᠯ  ᠵᠣᠭᠤᠰ ᠥᠭᠬᠦ ᠠᠷᠭ᠎ᠠ ᠮᠠᠶ᠋ᠢᠭ ᠄ ᠣᠶᠢᠵᠢᠭᠤᠯᠤᠯᠲᠠ ᠶᠢᠨ ᠲᠤᠬᠠᠢ ᠶᠢᠨ ᠵᠢᠯ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠤ ᠲᠡᠷᠠᠭ᠎ᠠ ᠂ ᠨᠢᠭᠡᠳᠦᠭᠡᠷ ᠵᠢᠯ ᠳᠤ ᠵᠣᠭᠤᠰ ᠥᠭᠬᠦ ᠭᠡᠷ᠎ᠡ ᠳᠤ ᠪᠣᠯᠵᠣᠨ ᠲᠣᠭᠲᠠᠭᠰᠠᠨ ᠥᠭᠬᠦ ᠶᠣᠰᠣᠲᠠᠢ ᠵᠣᠭᠤᠰ ᠤᠨ 60%᠎ ᠶᠢ ᠥᠭᠴᠦ ᠂ ᠬᠤᠶᠠᠳᠤᠭᠠᠷ ᠵᠢᠯ ᠳᠤ ᠰᠢᠯᠭᠠᠨ ᠠᠪᠬᠤ ᠳᠤ ᠬᠠᠳᠠᠭᠠᠯᠠᠭᠰᠠᠨ ᠨᠤᠷᠮ᠎ᠠ ᠨᠢ ᠬᠢᠷᠢ ᠲᠡᠩᠴᠡᠭᠰᠡᠨ ᠤ ᠲᠡᠷᠠᠭ᠎ᠠ ᠦᠯᠡᠳᠡᠭᠰᠡᠨ 40%᠎ ᠶᠢᠨ ᠵᠣᠭᠤᠰ ᠢ ᠥᠭᠭᠦᠨ᠎ᠡ ᠃    ᠬᠤᠷᠢᠳᠤᠭᠠᠷ ᠵᠦᠢᠯ  ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ ᠢᠨᠵᠧᠨᠧᠷᠢᠩ ᠶᠢᠨ ᠵᠣᠭᠤᠰ ᠎ ᠢ ᠰᠠᠯᠭᠠᠨ ᠥᠭᠬᠦ ᠦᠭᠡᠢ ᠂ ᠲᠠᠷᠠᠭ᠎ᠠ ᠵᠢᠯ ᠨᠥᠬᠦᠵᠦ ᠲᠠᠷᠢᠭᠠᠳ ᠬᠢᠷᠢ ᠲᠡᠩᠴᠡᠭᠰᠡᠨ ᠤ ᠲᠠᠷᠠᠭ᠎ᠠ ᠰᠠᠯᠭᠠᠨ ᠥᠭᠴᠦ ᠂ ᠦᠯᠡᠳᠡᠭᠰᠡᠨ ᠢᠨᠵᠧᠨᠧᠷᠢᠩ ᠶᠢᠨ ᠵᠣᠭᠤᠰ ᠢ ᠵᠣᠬᠢᠴᠠᠩᠭᠤᠢ ᠪᠠᠷ ᠬᠤᠶᠢᠰᠢᠯᠠᠭᠤᠯᠤᠨ ᠰᠠᠯᠭᠠᠨ ᠥᠭᠬᠦ ᠬᠡᠷᠡᠭᠲᠡᠢ ᠃ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠨᠥᠬᠦᠵᠦ ᠤᠷᠭᠤᠭᠤᠯᠤᠭᠰᠠᠨ ᠦᠭᠡᠢ ᠪᠤᠶᠤ ᠨᠥᠬᠦᠵᠦ ᠤᠷᠭᠤᠭᠤᠯᠤᠭᠰᠠᠨ ᠎ ᠤ ᠲᠠᠷᠠᠭ᠎ᠠ ᠮᠥᠨ ᠬᠢᠷᠢ ᠲᠡᠩᠴᠡᠭᠰᠡᠨ ᠦᠭᠡᠢ ᠪᠣᠯ ᠲᠥᠷᠥᠯ ᠵᠦᠢᠯ ᠎ ᠢ ᠨᠢ ᠬᠦᠴᠦᠨ ᠦᠭᠡᠢ ᠪᠣᠯᠭᠠᠨ᠎ᠠ ᠃    ᠲᠠᠪᠤᠳᠤᠭᠠᠷ ᠪᠦᠯᠦᠭ  ᠢᠨᠵᠧᠨᠧᠷᠢᠩ ᠢ ᠪᠠᠶᠢᠴᠠᠭᠠᠵᠤ ᠰᠢᠯᠭᠠᠨ ᠠᠪᠬᠤ    ᠬᠤᠷᠢᠨ ᠨᠢᠭᠡᠳᠦᠭᠡᠷ ᠵᠦᠢᠯ  ᠲᠥᠷᠥᠯ ᠵᠦᠢᠯ ᠳᠤ ᠣᠨ ᠤ ᠰᠢᠯᠭᠠᠨ ᠠᠪᠬᠤ ᠴᠢᠩᠭ᠎ᠠ ᠳᠦᠷᠢᠮ ᠎ ᠢ ᠬᠡᠷᠡᠭᠵᠢᠭᠦᠯᠵᠦ ᠂ ᠰᠢᠶᠠᠩ ᠪᠠᠯᠭᠠᠰᠤ ᠥᠪᠡᠷ ᠲᠡᠭᠡᠨ ᠪᠠᠶᠢᠴᠠᠭᠠᠬᠤ ᠂ ᠬᠠᠷᠢᠯᠴᠠᠨ ᠪᠠᠶᠢᠴᠠᠭᠠᠬᠤ ᠂ ᠲᠣᠭᠤᠷᠢᠭ ᠤᠨ ᠤᠢ ᠰᠢᠭᠤᠢ ᠨᠤᠲᠤᠭ ᠪᠡᠯᠴᠢᠭᠡᠷ ᠎ ᠤᠨ ᠬᠤᠪᠢᠶᠠᠷᠢ ᠲᠣᠪᠴᠢᠶ᠎ᠠ ᠠᠴᠠ ᠨᠢᠭᠡᠳᠦᠯᠲᠡᠢ ᠪᠠᠶᠢᠴᠠᠭᠠᠵᠤ ᠰᠢᠯᠭᠠᠨ ᠠᠪᠬᠤ ᠂ ᠲᠠᠬᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ ᠂ ᠪᠠᠶᠢᠴᠠᠭᠠᠭᠰᠠᠨ ᠦᠷ᠎ᠡ ᠳ᠋ᠥᠩ ᠤᠨ ᠢᠯᠡ ᠲᠣᠳᠣ ᠂ ᠡᠷᠬᠡ ᠲᠡᠭᠰᠢ ᠂ ᠲᠥᠪ ᠭᠤᠣᠯᠴᠢ ᠂ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠃    ᠬᠤᠷᠢᠨ ᠬᠤᠶᠠᠳᠤᠭᠠᠷ ᠵᠦᠢᠯ  ᠤᠯᠤᠰ ᠎ ᠤᠨ ᠪᠠᠷᠢᠮᠵᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠎ ᠤ ᠪᠠᠷᠢᠮᠵᠢᠶ᠎ᠠ ᠶᠢ ᠦᠨᠳᠦᠰᠦᠯᠡᠨ ᠂ ᠰᠢᠯᠭᠠᠨ ᠠᠪᠬᠤ ᠭᠤᠣᠯ ᠠᠭᠤᠯᠭ᠎ᠠ ᠎ ᠳᠤ᠄    ︵ ᠨᠢᠭᠡ ︶ ᠲᠥᠷᠥᠯ ᠵᠥᠢᠯ ᠤᠨ ᠡᠭᠦᠷᠭᠡ ᠪᠠ ᠪᠡᠯᠡ ᠣᠷᠣᠭᠤᠯᠤᠯᠲᠠ ᠶᠢ ᠲᠥᠯᠥᠪᠯᠡᠭᠡ ᠶᠣᠰᠣᠭᠠᠷ ᠪᠡᠶᠡᠯᠡᠭᠦᠯᠦᠭᠰᠡᠨ ᠡᠰᠡᠬᠦ ︔    ︵ ᠬᠤᠶᠠᠷ ︶ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠭᠰᠠᠨ ᠨᠢ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠯ ᠲᠠᠢ ᠪᠠᠶᠢᠬᠤ ᠡᠰᠡᠬᠦ ︔    ︵ ᠭᠤᠷᠪᠠ ︶ ᠲᠥᠷᠥᠯ ᠵᠥᠢᠯ ᠤᠨ ᠶᠠᠰᠤ ᠴᠢᠨᠠᠷ ᠨᠢ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠰᠡᠨ ᠡᠰᠡᠬᠦ ︔    ︵ᠳᠥᠷᠪᠡ︶ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ︔    ︵ᠲᠠᠪᠤ︶ ᠪᠡᠯᠡ ᠮᠥᠩᠭᠦ ᠥᠭᠬᠦ ᠂ ᠬᠠᠮᠢᠶᠠᠷᠬᠤ ᠪᠠ ᠬᠡᠷᠡᠭᠯᠡᠬᠦ ᠨᠢ ᠳᠦᠷᠢᠮ ᠎ ᠤᠨ ᠲᠣᠭᠲᠠᠭᠠᠯ ᠳᠤ ᠨᠡᠶᠢᠴᠡᠬᠦ ᠡᠰᠡᠬᠦ ︔    ︵ᠵᠢᠷᠭᠤᠭ᠎ᠠ︶ ᠢᠨᠵᠧᠨᠧᠷᠢᠩ ᠤᠨ ᠮᠡᠷᠭᠡᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠠᠶᠢᠳᠠᠯ᠃    ᠵᠢᠷᠭᠤᠳᠤᠭᠠᠷ ᠪᠦᠯᠦᠭ  ᠢᠨᠵᠧᠨᠧᠷᠢᠩ ᠢ ᠬᠠᠮᠢᠶᠠᠷᠴᠤ ᠬᠠᠮᠠᠭᠠᠯᠠᠬᠤ    ᠬᠤᠷᠢᠨ ᠭᠤᠷᠪᠠᠳᠤᠭᠠᠷ ᠵᠦᠢᠯ  ︽ ᠬᠡᠨ ᠠᠰᠢᠭ ᠬᠦᠷᠳᠡᠪᠡᠯ ᠬᠡᠨ ᠬᠠᠮᠢᠶᠠᠷᠴᠤ ᠬᠠᠮᠠᠭᠠᠯᠠᠬᠤ ︾ ᠵᠠᠷᠴᠢᠮ ᠶᠣᠰᠣᠭᠠᠷ ᠂ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠪᠠ ᠢᠨᠵᠧᠨᠧᠷᠢᠩ ᠢ ᠬᠡᠷᠡᠭᠵᠢᠭᠦᠯᠬᠦ ᠭᠤᠤᠯ ᠴᠣᠭᠴᠠ ᠠᠴᠠ ᠬᠠᠮᠢᠶᠠᠷᠤᠨ ᠬᠠᠮᠠᠭᠠᠯᠠᠵᠤ ᠂ ᠭᠡᠷ᠎ᠡ ᠳᠤ ᠬᠠᠮᠢᠶᠠᠷᠤᠨ ᠬᠠᠮᠠᠭᠠᠯᠠᠬᠤ ᠡᠭᠦᠷᠭᠡ ᠶᠢ ᠡᠷᠤᠭᠡ ᠳᠤ ᠬᠦᠷᠲᠡᠯ᠎ᠡ ᠨᠠᠶᠢᠳᠠᠪᠤᠷᠢᠵᠢᠭᠤᠯᠵᠤ ᠂ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠪᠠᠬᠢᠵᠢᠬᠦ ᠶᠢ ᠪᠠᠲᠤᠯᠠᠵᠤ ᠂ ᠠᠮᠢ ᠠᠬᠤᠢ ᠂ ᠨᠡᠶᠢᠭᠡᠮ ᠪᠠ ᠠᠵᠤ ᠠᠬᠤᠢ ᠶᠢᠨ ᠦᠷ᠎ᠡ ᠠᠰᠢᠭ ᠢ ᠤᠷᠳᠤ ᠬᠤᠭᠤᠴᠠᠭ᠎ᠠ ᠪᠠᠷ ᠪᠠᠳᠠᠷᠠᠭᠤᠯᠬᠤ ᠶᠢ ᠪᠠᠲᠤᠯᠠᠨ᠎ᠠ ᠂ ᠭᠡᠷ᠎ᠡ ᠳᠤ ᠬᠠᠮᠢᠶᠠᠷᠤᠨ ᠬᠠᠮᠠᠭᠠᠯᠠᠬᠤ ᠡᠭᠦᠷᠭᠡ ᠶᠢ ᠡᠷᠤᠭᠡ ᠳᠤ ᠬᠦᠷᠲᠡᠯ᠎ᠡ ᠨᠠᠶᠢᠳᠠᠪᠤᠷᠢᠵᠢᠭᠤᠯᠵᠤ ᠂ ᠬᠥᠮᠥᠨ ᠳᠤ ᠬᠦᠷᠲᠡᠯ᠎ᠡ ᠨᠠᠶᠢᠳᠠᠪᠤᠷᠢᠵᠢᠭᠤᠯᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠪᠠᠬᠢᠵᠢᠬᠦ ᠶᠢ ᠪᠠᠲᠤᠯᠠᠵᠤ ᠂ ᠠᠮᠢ ᠠᠬᠤᠢ ᠂ ᠨᠡᠶᠢᠭᠡᠮ ᠤᠨ ᠪᠠ ᠠᠵᠤ ᠠᠬᠤᠢ ᠶᠢᠨ ᠦᠷ᠎ᠡ ᠠᠰᠢᠭ ᠢ ᠤᠷᠳᠤ ᠬᠤᠭᠤᠴᠠᠭ᠎ᠠ ᠪᠠᠷ ᠪᠠᠳᠠᠷᠠᠭᠤᠯᠤᠨ᠎ᠠ ᠃    ᠳᠣᠯᠣᠳᠤᠭᠠᠷ ᠪᠦᠯᠦᠭ  ᠲᠠᠭᠠᠯᠳᠤᠭᠤᠯᠤᠭᠰᠠᠨ ᠳᠦᠷᠢᠮ    ᠬᠤᠷᠢᠨ ᠳᠥᠷᠪᠡᠳᠦᠭᠡᠷ ᠵᠦᠢᠯ  ᠲᠤᠰ ᠠᠷᠭ᠎ᠠ ᠶᠢ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ ᠃    ᠬᠤᠷᠢᠨ ᠲᠠᠪᠤᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1