ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/15
    12 ᠰᠠᠷ᠎ᠠ ᠶᠢᠨ 13᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠸᠠᠩ ᠶᠠᠨ ᠪᠥᠸᠧ᠂ ᠯᠢ ᠽᠥᠩ ᠮᠧᠩ᠂᠎ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠠᠢ᠃ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠡᠳᠦᠨ ᠴᠢᠬᠤᠯᠠ ᠶᠡᠭᠡ ᠬᠠᠷᠢᠴᠠᠭ᠎ᠠ ᠶᠢ ᠰᠢᠢᠳᠪᠦᠷᠢᠯᠡᠬᠦ ᠬᠡᠷᠡᠭᠲᠡᠢ ︾ ᠭᠡᠬᠦ ᠵᠣᠷᠢᠭ ᠰᠠᠨᠠᠭ᠎ᠠ ᠂ ᠰᠦᠨ ᠱᠤᠤ ᠴᠧᠩ ᠱᠦᠵᠢ ᠶᠢᠨ ᠤᠯᠠᠭᠠᠨᠬᠠᠳᠠ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶ᠎ᠠ ᠪᠣᠯᠣᠨ ᠵᠢᠭᠠᠪᠤᠷᠢ ᠶᠢᠨ ᠵᠣᠷᠢᠭ ᠰᠠᠨᠠᠭ᠎ᠠ ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠶᠢᠷ᠎ᠠ ᠶᠢᠨ ᠬᠤᠭᠤᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ ︔ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠭᠰᠠᠨ ᠵᠡᠷᠭᠡ ᠠᠵᠢᠯ ᠤᠨ ᠪᠠᠶᠢᠳᠠᠯ ᠢ ᠰᠣᠨᠣᠰᠪᠠ︔ ᠬᠦᠷᠢᠶᠡᠯᠡᠩ ᠲᠣᠭᠤᠷᠢᠭ ᠤᠨ ᠣᠶᠤᠨᠴᠢᠯᠠᠭᠰᠠᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃    ᠬᠤᠷᠠᠯ ᠠᠴᠠ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠢᠨ ᠳᠡᠭᠡᠳᠦ ᠱᠠᠲᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠰᠤᠷᠤᠯᠴᠠᠵᠤ ᠂ ᠠᠵᠠ ᠲᠣᠬᠢᠶᠠᠯ ᠢ ᠪᠠᠲᠤ ᠡᠵᠡᠮᠳᠡᠵᠦ ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ ᠂ ᠮᠠᠨ ᠤ ᠲᠣᠭᠤᠷᠢᠭ ᠤᠨ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ︽ ᠰᠠᠨᠠᠯ ︾ ᠂ ︽ ᠬᠤᠶᠠᠷ ᠶᠡᠭᠡ ᠶᠠᠪᠤᠳᠠᠯ ︾ ᠎ ᠲᠠᠢ ᠬᠠᠷᠢᠴᠠᠭᠤᠯᠤᠨ ᠬᠠᠷᠭᠤᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠷᠢᠨ ᠳᠠᠩᠰᠠ ᠶᠢ ᠡᠮᠬᠢᠯᠡᠵᠦ ᠲᠡᠭᠦᠯᠳᠡᠷᠵᠢᠭᠦᠯᠦᠨ ᠂ ᠢᠷᠡᠬᠦ ᠵᠢᠯ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ ᠃ ᠰᠡᠭᠦᠯ ᠬᠤᠷᠢᠶᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠨ ᠤ ᠴᠢᠬᠤᠯᠠ ᠠᠵᠢᠯ ᠤᠨ ᠵᠦᠢᠯᠡᠰ ᠢ ᠬᠢᠨᠠᠮᠠᠭᠠᠢ ᠡᠮᠬᠢᠯᠡᠨ ᠳᠢᠭᠯᠡᠵᠦ᠂ ᠳᠤᠲᠠᠭᠤ ᠎ ᠪᠠᠨ ᠪᠠᠶᠢᠴᠠᠭᠠᠨ ᠣᠷᠬᠢᠭᠳᠠᠭᠤᠯᠤᠭᠰᠠᠨ ᠢᠶᠠᠨ ᠨᠥᠬᠦᠪᠦᠷᠢᠯᠡᠵᠦ᠂ ᠴᠠᠭ ᠮᠥᠴᠡ ᠶᠢ ᠠᠯᠳᠠᠯ ᠦᠭᠡᠢ ᠪᠠᠷ ᠪᠦᠲᠦᠭᠡᠨ ᠪᠠᠶᠢᠭᠤᠯᠤᠯᠲᠠ ᠶᠢ ᠠᠳᠬᠤᠨ᠂ ᠪᠡᠯᠡ ᠣᠷᠣᠭᠤᠯᠤᠯᠲᠠ ᠶᠢ ᠪᠠᠬᠢᠵᠢᠭᠦᠯᠵᠦ᠂ ᠬᠡᠷᠡᠭᠯᠡᠭᠡ ᠶᠢ ᠥᠷᠭᠡᠳᠬᠡᠨ᠂ ᠣᠷᠣᠭᠤᠯᠤᠯᠲᠠ ᠶᠢ ᠨᠢᠭᠡᠳᠦᠯᠲᠡᠢ ᠪᠣᠯᠭᠠᠬᠤ ᠶᠢ ᠠᠬᠢᠭᠤᠯᠵᠤ᠂ ᠵᠢᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠠᠬᠢᠭᠤᠯᠵᠤ᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠠᠭᠲᠠᠭᠠᠮᠵᠢ ᠪᠠᠷ ᠶᠡᠭᠡ ᠳᠠᠶᠢᠴᠢᠯᠠᠬᠤ ᠬᠦᠴᠦᠨ ᠢᠶᠠᠷ ᠴᠢᠩᠭ᠎ᠠ ᠲᠥᠷᠥᠯ ᠵᠦᠢᠯ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠠ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ ᠲᠥᠷᠥᠯ ᠵᠦᠢᠯ ᠳᠤ ᠭᠤᠣᠯᠳᠠᠯᠭ᠎ᠠ ᠲᠠᠢ ᠲᠥᠪᠯᠡᠷᠡᠭᠦᠯᠵᠦ᠂ ᠢᠷᠡᠬᠦ ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠡᠭᠦᠯᠳᠡᠷᠵᠢᠭᠦᠯᠦᠨ᠎ᠡ᠃ 2024 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠵᠦ ᠂ ᠤᠯᠠᠭᠠᠨᠬᠠᠳᠠ ᠬᠤᠳᠠ ᠶᠢᠨ ᠲᠡᠷᠢᠭᠦᠨ ᠳᠤ ᠣᠷᠣᠬᠤ ᠪᠠᠷ ᠴᠢᠷᠮᠠᠶᠢᠬᠤ ᠳᠤ ᠶᠤᠸᠠᠨ ᠪᠣᠥ ᠱᠠᠨ ᠤ ᠬᠤᠪᠢ ᠨᠡᠮᠡᠷᠢ ᠪᠠᠨ ᠭᠥᠢᠴᠡᠳ ᠦᠵᠡᠭᠦᠯᠬᠦ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠤᠷᠢᠳᠠᠴᠢ ᠴᠢᠨᠠᠷᠲᠠᠢ ᠪᠠᠷ ᠲᠥᠯᠥᠪᠵᠢᠭᠦᠯᠵᠦ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠬᠥᠭᠵᠢᠯᠲᠡ ᠶᠢ ᠠᠬᠢᠭᠤᠯᠬᠤ ᠬᠡᠷᠡᠭᠲᠡᠢ ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ ︾ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠨᠥᠭᠡᠴᠡᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ ᠬᠡᠷᠡᠭᠲᠡᠢ ᠃ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠭᠡᠷ ᠪᠦᠯᠢ ᠂ ᠰᠤᠷᠭᠠᠭᠤᠯᠢ ᠂ ᠨᠡᠶᠢᠭᠡᠮ ᠠᠴᠠ ᠬᠠᠮᠵᠢᠯᠴᠠᠨ ᠬᠥᠮᠥᠨ ᠬᠥᠮᠥᠵᠢᠭᠦᠯᠬᠦ ᠰᠢᠰᠲ᠋ᠧᠮ ᠢ ᠪᠠᠶᠢᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠲᠦᠯᠬᠢᠨ ᠠᠬᠢᠭᠤᠯᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠰᠠᠨᠠᠭᠠᠨ ᠳᠤ ᠨᠡᠶᠢᠴᠡᠭᠦᠯᠦᠭᠰᠡᠨ ᠂ ᠠᠷᠠᠳ ᠤᠨ ᠪᠠᠶᠢᠳᠠᠯ ᠳᠤ ᠣᠶᠢᠷᠠᠲᠤᠭᠰᠠᠨ ᠂ ᠠᠷᠠᠳ ᠤᠨ ᠵᠣᠪᠠᠨᠢᠯ ᠢ ᠠᠷᠢᠯᠭᠠᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠦᠨᠡᠨ ᠬᠦ ᠬᠢᠵᠦ ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠠᠵᠤ ᠦᠢᠯᠡᠰ ᠤᠨ ᠲᠣᠭᠠᠴᠢᠯᠠᠯᠲᠠ ᠂ ᠲᠣᠭᠠᠴᠢᠯᠠᠭᠰᠠᠨ ᠠᠵᠤ ᠦᠢᠯᠡᠰᠵᠢᠯᠲᠡ ᠪᠣᠯᠣᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ ᠂ ᠲᠣᠭᠠᠴᠢᠯᠠᠭᠰᠠᠨ ᠠᠵᠤ ᠠᠬᠤᠢ ᠶᠢᠨ ᠬᠦᠴᠦᠷᠬᠡᠭ ᠲᠣᠭᠤᠷᠢᠭ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠣᠶ ᠰᠢᠭᠤᠢ ᠡᠪᠡᠰᠦᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠤᠶᠤᠨᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ ᠂ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠠᠶᠤᠯᠭᠦᠢ ᠦᠢᠯᠡᠳᠪᠦᠷᠢᠯᠡᠯ ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠂ ᠪᠤᠰᠤᠳ ᠵᠦᠢᠯᠡᠰ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1