ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢᠨ ᠲᠤᠬᠠᠢ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/15
    ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢᠨ ᠲᠤᠬᠠᠢ ᠲᠥᠷᠥ ᠶᠢᠨ ᠪᠣᠳᠤᠯᠭ᠎ᠠ ᠶᠢᠨ ᠲᠠᠶᠢᠯᠤᠮᠵᠢ    ᠨᠢᠭᠡ᠂ ᠨᠣᠣᠷᠠᠭᠯᠠᠭᠰᠠᠨ ᠠᠬᠤᠢ ᠪᠠᠶᠢᠳᠠᠯ    ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠂ ᠪᠦᠲᠦᠭᠡᠨ ᠪᠠᠶᠢᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠩᠬᠠᠷᠴᠤ ᠪᠠᠶᠢᠭ᠎ᠠ ᠭᠤᠣᠯᠳᠠᠯᠭ᠎ᠠ ᠲᠠᠢ ᠠᠵᠢᠯ ᠮᠥᠨ᠃ ᠣᠶᠢᠷ᠎ᠠ ᠶᠢᠨ ᠲᠠᠪᠤᠨ ᠵᠢᠯ ᠳᠤ᠂ ᠮᠠᠨ ᠤ   ᠲᠣᠭᠤᠷᠢᠭ ᠤᠨ ᠬᠡᠷᠡᠭᠵᠢᠭᠦᠯᠦᠭᠰᠡᠨ ᠮᠠᠭᠤᠳᠠᠭᠰᠠᠨ ᠣᠶ ᠶᠢᠨ ᠬᠡᠰᠡᠭᠯᠡᠯ ᠢ ᠵᠠᠰᠠᠨ ᠰᠡᠷᠭᠦᠭᠡᠬᠦ ᠢᠨᠵᠧᠨᠧᠷᠢᠩ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠢᠨᠵᠧᠨᠧᠷᠢᠩ ᠤᠨ ᠬᠠᠮᠢᠶᠠᠷᠤᠯᠲᠠ ᠶᠢᠨ ᠦᠨᠳᠦᠰᠦᠯᠡᠯ ᠪᠣᠯ 2018 ᠣᠨ ᠳᠤ ᠲᠣᠭᠲᠠᠭᠠᠭᠰᠠᠨ ︽ᠶᠤᠸᠠᠨ ᠪᠦᠦ ᠱᠠᠨ ᠲᠣᠭᠤᠷᠢᠭ ᠤᠨ ᠣᠶ ᠰᠢᠭᠤᠢ  ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠤᠨ ᠬᠠᠮᠢᠶᠠᠷᠤᠯᠲᠠ ᠶᠢᠨ ᠠᠷᠭ᠎ᠠ︾ ᠪᠣᠯᠣᠨ᠎ᠠ᠃ ᠲᠣᠰ ᠠᠷᠭ᠎ᠠ ᠶᠢ ᠦᠨᠳᠦᠰᠦᠯᠡᠨ ᠬᠡᠷᠡᠭᠵᠢᠭᠦᠯᠦᠭᠰᠡᠨ ᠣᠶ ᠰᠢᠭᠤᠢ ᠡᠪᠡᠰᠦ ᠪᠡᠯᠴᠢᠭᠡᠷ ᠤᠨ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠨᠡᠶᠢᠳᠡᠮ ᠳᠡᠭᠡᠭᠰᠢᠯᠡᠭᠦᠯᠵᠦ᠂ ᠳᠡᠭᠡᠳᠦ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠪᠠ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠨᠢᠭᠡᠳᠦᠯᠲᠡᠢ ᠵᠥᠪᠰᠢᠶᠡᠷᠡᠯ ᠢ ᠣᠯᠣᠭᠰᠠᠨ ᠪᠠᠶᠢᠨ᠎ᠠ᠃ 2023 ᠣᠨ ᠤ 9 ᠰᠠᠷ᠎ᠠ ᠶᠢᠨ 27᠎ ᠤ ᠡᠳᠦᠷ ᠲᠤᠰ ᠠᠷᠭ᠎ᠠ ᠶᠢ ᠬᠤᠭᠤᠴᠠᠭ᠎ᠠ ᠨᠢ ᠲᠤᠯᠪᠠᠯ ᠬᠦᠴᠦᠨ ᠦᠭᠡᠢ ᠪᠣᠯᠭᠠᠨ᠎ᠠ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠬᠤ ᠶᠢᠨ ᠲᠥᠯᠦᠭᠡ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ︽ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠤᠨ ᠬᠠᠮᠢᠶᠠᠷᠤᠯᠲᠠ ᠶᠢᠨ ᠠᠷᠭ᠎ᠠ︾᠎ ᠶᠢᠨ ᠰᠠᠭᠤᠷᠢᠨ ᠳᠡᠭᠡᠷ᠎ᠡ ᠲᠥᠷᠥᠯ ᠵᠦᠢᠯ ᠤᠨ ᠬᠠᠮᠢᠶᠠᠷᠤᠯᠲᠠ ᠪᠠ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠲᠤᠭᠤᠷᠪᠢᠪᠠ᠃    ᠬᠤᠶᠠᠷ ᠂ ᠭᠤᠣᠯ ᠠᠭᠤᠯᠭ᠎ᠠ    ︽ᠠᠷᠭ᠎ᠠ︾᠎ ᠨᠢ ᠶᠡᠷᠦᠩᠬᠡᠢ ᠳᠦᠷᠢᠮ᠂ ᠢᠨᠵᠧᠨᠧᠷᠢᠩ ᠢ ᠵᠣᠬᠢᠶᠠᠨ ᠪᠠᠶᠢᠭᠤᠯᠵᠤ ᠬᠠᠮᠢᠶᠠᠷᠬᠤ ᠪᠠ ᠬᠡᠷᠡᠭᠵᠢᠭᠦᠯᠬᠦ᠂ ᠲᠥᠷᠥᠯ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ᠂ ᠪᠡᠯᠡ ᠮᠥᠩᠭᠦ ᠶᠢᠨ ᠬᠠᠮᠢᠶᠠᠷᠤᠯᠲᠠ᠂ ᠢᠨᠵᠧᠨᠧᠷᠢᠩ ᠢ ᠪᠠᠶᠢᠴᠠᠭᠠᠵᠤ ᠰᠢᠯᠭᠠᠨ ᠠᠪᠬᠤ᠂ ᠢᠨᠵᠧᠨᠧᠷᠢᠩ ᠢ ᠬᠠᠮᠢᠶᠠᠷᠴᠤ ᠬᠠᠮᠠᠭᠠᠯᠠᠬᠤ ᠵᠢᠴᠢ ᠳᠠᠭᠠᠯᠳᠤᠭᠤᠯᠤᠭᠰᠠᠨ ᠳᠦᠷᠢᠮ ᠵᠡᠷᠭᠡ ᠲᠤᠯᠤᠭᠠᠨ ᠬᠡᠰᠡᠭ ᠢᠶᠠᠷ ᠪᠦᠷᠢᠯᠳᠦᠪᠡ᠃    ᠶᠡᠷᠦᠩᠬᠡᠢ ᠳᠦᠷᠢᠮ ᠤᠨ ᠬᠡᠰᠡᠭ ᠲᠤ ︽ᠠᠷᠭ᠎ᠠ︾᠎ ᠶᠢ ᠲᠤᠭᠤᠷᠪᠢᠭᠰᠠᠨ ᠵᠣᠷᠢᠯᠭ᠎ᠠ ᠪᠠ ᠦᠨᠳᠦᠰᠦᠯᠡᠯ ᠢ ᠲᠣᠳᠣᠷᠬᠠᠶᠢᠯᠠᠵᠤ᠂ ᠪᠡᠯᠡ ᠮᠥᠩᠭᠦᠨ ᠤ ᠢᠷᠡᠯᠲᠡ ᠪᠣᠯ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠣᠨ ᠲᠤᠰ ᠱᠠᠲᠤᠨ ᠤ ᠡᠳ᠋ ᠤᠨ ᠵᠠᠰᠠᠭ ᠠᠴᠠ ᠪᠠᠭᠤᠯᠭᠠᠭᠰᠠᠨ ᠲᠤᠰᠬᠠᠢ ᠪᠡᠯᠡ ᠮᠥᠩᠭᠦ ᠪᠣᠯᠣᠨ᠎ᠠ ᠭᠡᠳᠡᠭ ᠢ ᠲᠣᠳᠣᠷᠬᠠᠶᠢᠯᠠᠵᠤ᠂ ᠲᠥᠷᠥᠯ ᠵᠦᠢᠯ ᠤᠨ ᠬᠦᠷᠢᠶ᠎ᠡ ᠬᠡᠪᠴᠢᠶ᠎ᠡ ᠪᠣᠯ ᠬᠥᠮᠥᠨ ᠤ ᠬᠦᠴᠦ ᠪᠠᠷ ᠣᠶᠢᠵᠢᠭᠤᠯᠵᠤ ᠡᠪᠡᠰᠦ ᠳᠠᠷᠢᠬᠤ᠂ ᠠᠭᠤᠯᠠ ᠶᠢ ᠪᠢᠲᠡᠭᠦᠮᠵᠢᠯᠡᠨ ᠣᠶ ᠮᠣᠳᠣ ᠪᠣᠶᠢᠵᠢᠭᠤᠯᠬᠤ᠂ ᠮᠠᠭᠤᠳᠠᠭᠰᠠᠨ ᠣᠶ ᠶᠢᠨ ᠬᠡᠰᠡᠭᠯᠡᠯ ᠢ ᠰᠡᠷᠭᠦᠭᠡᠨ ᠥᠭᠡᠷᠡᠴᠢᠯᠡᠬᠦ᠂ ᠳᠤᠮᠳᠠ ᠨᠢᠯᠬ᠎ᠠ ᠣᠢ ᠶᠢ ᠠᠷᠠᠴᠢᠯᠠᠨ ᠪᠣᠶᠢᠵᠢᠭᠤᠯᠬᠤ ᠵᠡᠷᠭᠡ ᠲᠠᠯᠠᠪᠠᠶ ᠪᠠᠷ ᠪᠡᠯᠡ ᠣᠷᠣᠭᠤᠯᠤᠯᠲᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠣᠶᠢᠵᠢᠭᠤᠯᠤᠯᠲᠠ ᠵᠢᠴᠢ ᠡᠪᠡᠰᠦ ᠳᠠᠷᠢᠬᠤ ᠲᠥᠷᠥᠯ ᠵᠦᠢᠯ ᠪᠣᠯᠣᠨ᠎ᠠ᠂ ᠡᠭᠦᠨ ᠳᠤ ᠡᠳ᠋ ᠤᠨ ᠵᠠᠰᠠᠭ᠂ ᠣᠶ ᠰᠢᠭᠤᠢ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠤ᠂ ᠲᠥᠷᠥᠯ ᠵᠦᠢᠯ ᠤᠨ ᠪᠡᠯᠡ ᠮᠥᠩᠭᠦ ᠶᠢ ︽ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠬᠠᠮᠢᠶᠠᠷᠤᠨ ᠬᠡᠷᠡᠭᠯᠡᠨ᠎ᠡ︔ ᠢᠨᠵᠧᠨᠧᠷᠢᠩ ᠢ ᠵᠣᠬᠢᠶᠠᠨ ᠪᠠᠶᠢᠭᠤᠯᠤᠨ ᠬᠠᠮᠢᠶᠠᠷᠬᠤ ᠪᠠ ᠬᠡᠷᠡᠭᠵᠢᠭᠦᠯᠬᠦ ᠬᠡᠰᠡᠭ ᠲᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠰᠠᠯᠠᠭ᠎ᠠ ᠮᠥᠴᠢᠷ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ᠂ ᠲᠥᠷᠥᠯ ᠵᠦᠢᠯ ᠤᠨ ᠭᠡᠷ᠎ᠡ ᠶᠢᠨ ᠳᠦᠷᠢᠮ ᠤᠨ ᠬᠠᠮᠢᠶᠠᠷᠤᠯᠲᠠ ᠬᠢᠭᠡᠳ ᠲᠥᠷᠥᠯ ᠵᠦᠢᠯ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠵᠡᠷᠭᠡ ᠠᠭᠤᠯᠭ᠎ᠠ ᠶᠢ ᠲᠣᠳᠤᠷᠬᠠᠶᠢᠯᠠᠪᠠ ︔ ᠲᠥᠷᠥᠯ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠡᠰᠡᠭ ᠲᠤ᠂ ᠵᠢᠷᠤᠭ ᠲᠥᠯᠥᠪᠯᠡᠭᠡ ᠠᠴᠠ ᠪᠠᠷᠢᠯᠭ᠎ᠠ ᠪᠠᠷᠢᠬᠤ ᠬᠦᠷᠲᠡᠯᠡᠬᠢ ᠡᠯ᠎ᠡ ᠭᠤᠭᠴᠤᠭ᠎ᠠ ᠳᠤ ᠡᠷᠬᠡᠪᠰᠢ ᠬᠠᠮᠢᠶ᠎ᠠ ᠪᠦᠬᠦᠢ ᠮᠡᠷᠭᠡᠵᠢᠯ ᠤᠨ ᠳᠦᠷᠢᠮ ᠶᠣᠰᠣᠭᠠᠷ ᠦᠷ᠎ᠡ ᠴᠢᠬᠢ ᠶᠢᠨ ᠪᠠᠷᠢᠮᠵᠢᠶ᠎ᠠ᠂ ᠡᠳᠡᠭᠡᠷᠡᠯᠲᠡ ᠶᠢᠨ ᠨᠣᠷᠮ᠎ᠠ᠂ ᠬᠠᠳᠠᠭᠠᠯᠠᠯᠲᠠ ᠶᠢᠨ ᠨᠣᠷᠮ᠎ᠠ ᠶᠢ ᠵᠢᠷᠤᠮᠵᠢᠭᠤᠯᠤᠨ ᠴᠢᠩᠭ᠎ᠠ ᠬᠠᠮᠢᠶᠠᠷᠬᠤ ᠬᠡᠷᠡᠭᠲᠡᠢ ᠭᠡᠵᠦ ᠲᠣᠭᠲᠠᠭᠠᠪᠠ ︔ ᠪᠡᠯᠡ ᠮᠥᠩᠭᠦ ᠶᠢᠨ ᠬᠠᠮᠢᠶᠠᠷᠤᠯᠲᠠ ᠶᠢᠨ ᠬᠡᠰᠡᠭ ᠲᠤ ᠲᠥᠷᠥᠯ ᠵᠦᠢᠯ ᠤᠨ ᠪᠡᠯᠡ ᠮᠥᠩᠭᠦ ᠥᠭᠬᠦ ᠶᠠᠪᠤᠴᠠ ᠪᠠ ᠵᠣᠭᠤᠰ ᠥᠭᠬᠦ ᠠᠷᠭ᠎ᠠ ᠮᠠᠶ᠋ᠢᠭ ᠢ ᠲᠣᠳᠣᠷᠬᠠᠶᠢᠯᠠᠪᠠ︔ ᠪᠠᠷᠢᠯᠭ᠎ᠠ ᠶᠢ ᠪᠠᠶᠢᠴᠠᠭᠠᠵᠤ ᠰᠢᠯᠭᠠᠨ ᠠᠪᠬᠤ ᠬᠡᠰᠡᠭ ᠲᠤ ᠲᠥᠷᠥᠯ ᠵᠦᠢᠯ ᠢ ᠰᠢᠯᠭᠠᠨ ᠠᠪᠬᠤ ᠴᠤᠪᠤᠷᠠᠯ᠂ ᠪᠠᠷᠢᠮᠵᠢᠶ᠎ᠠ ᠵᠢᠴᠢ ᠭᠤᠣᠯ ᠠᠭᠤᠯᠭ᠎ᠠ ᠶᠢ  ᠲᠣᠳᠤᠷᠬᠠᠶᠢᠯᠠᠪᠠ ︔ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠬᠡᠰᠡᠭ ᠲᠤ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠪᠠ ᠢᠨᠵᠧᠨᠧᠷᠢᠩ ᠢ ᠬᠡᠷᠡᠭᠵᠢᠭᠦᠯᠬᠦ ᠭᠤᠣᠯ ᠴᠣᠭᠴᠠ ᠶᠢᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠲᠣᠳᠤᠷᠬᠠᠶᠢᠯᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1