︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠡ᠊ᠨᠳᠡᠯ ᠤᠨ ᠭᠡᠮ ᠰᠤᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ︾
ᠨᠡᠶᠢᠲᠡᠯᠡᠭᠰᠡᠨ ᠴᠠᠭ᠄
2023/12/16
    ᠨᠢᠭᠡᠳᠦᠭᠡᠷ ᠵᠦᠢᠯ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠡ᠊ᠨᠳᠡᠯ ᠤᠨ ᠭᠡᠮ ᠰᠤᠭᠤᠭ ᠢ ᠵᠦᠢ ᠵᠣᠬᠢᠰᠲᠠᠢ ᠮᠠᠭᠠᠳᠯᠠᠨ ᠲᠣᠭᠲᠠᠭᠠᠵᠤ᠂ ᠴᠠᠭ ᠲᠤᠬᠠᠢ ᠳᠤ ᠨᠢ ᠠᠷᠢᠯᠭᠠᠬᠤ ᠶᠢᠨ ᠲᠦᠯᠤᠬᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠠᠤᠯᠢ︾ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠠᠶᠤᠯ ᠦᠭᠡᠢ ᠶᠢᠨ ᠦᠨᠳᠦᠰᠦᠨ ᠵᠢᠷᠤᠮᠵᠢᠯ︾ ᠵᠡᠷᠭᠡ ᠬᠠᠤᠯᠢ ᠴᠠᠭᠠᠵᠠ ᠬᠠᠤᠯᠢ ᠲᠦᠷᠢᠮ ᠪᠣᠯᠣᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠦᠨᠳᠦᠰᠦᠯᠡᠨ ᠲᠤᠰ ᠪᠠᠷᠢᠮᠵᠢᠶ᠎ᠠ ᠶᠢ ᠲᠣᠭᠲᠠᠭᠠᠪᠠ᠃    ᠬᠤᠶᠠᠳᠤᠭᠠᠷ ᠵᠦᠢᠯ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠠᠶᠤᠯ ᠦᠬᠡᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠵᠡᠷᠭᠡ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠬᠥᠮᠥᠨ ᠬᠠᠷ᠎ᠠ ᠬᠦᠨᠳᠦ ᠶᠡᠭᠡ ᠦᠬᠦᠵᠦ ᠰᠢᠷᠬᠠᠲᠤᠬᠤ᠂ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ ᠳᠤ ᠭᠦᠷᠪᠡᠯ ᠬᠦᠨᠳᠦ ᠶᠡᠭᠡ ᠠᠳᠡᠯ ᠤᠨ ᠭᠡᠮ ᠰᠤᠭᠤᠭ ᠢ ᠣᠷᠣᠰᠢᠵᠤ ᠪᠠᠶᠢᠬᠤ ᠪᠠᠷ ᠮᠠᠭᠠᠳᠯᠠᠨ ᠲᠣᠭᠲᠠᠭᠠᠬᠤ ᠬᠡᠷᠡᠭᠲᠡᠢ᠃    ᠭᠤᠷᠪᠠᠳᠤᠭᠠᠷ ᠵᠦᠢᠯ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠡ᠊ᠨᠳᠡᠯ ᠤᠨ ᠭᠡᠮ ᠰᠤᠭᠤᠭ ᠳᠤ ᠭᠤᠣᠯᠳᠠᠭᠤ ᠲᠠᠷᠠᠭᠠᠬᠢ ᠬᠡᠳᠦᠨ ᠲᠠᠯ᠎ᠠ ᠪᠠᠭᠲᠠᠨ᠋᠄     ︵ᠨᠢᠭᠡ︶ ᠴᠢᠬᠤᠯᠠ ᠲᠥᠬᠦᠭᠡᠷᠦᠮᠵᠢ ᠳᠤ ᠬᠦᠨᠳᠦ ᠨᠣᠴᠢᠲᠠᠢ ᠭᠡᠮ ᠰᠣᠭᠤᠭ ᠣᠷᠣᠰᠢᠵᠤ ᠪᠠᠶᠢᠬᠤ᠃    ︵ᠬᠤᠶᠠᠷ︶ ᠠᠶᠤᠯ ᠦᠬᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠢᠷᠢ ᠬᠡᠮ ᠬᠢᠷᠢ ᠴᠢᠳᠠᠮᠵᠢ ᠨᠢ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠳᠤ ᠦᠯᠦ ᠨᠡᠶᠢᠴᠡᠭᠰᠡᠨ᠃    ︵ᠭᠤᠷᠪᠠ︶ ᠡᠳᠦᠷ ᠲᠤᠳᠤᠮ ᠤᠨ ᠬᠠᠮᠢᠶᠠᠷᠤᠯᠲᠠ ᠳᠤ ᠬᠦᠨᠳᠦ ᠨᠣᠴᠢᠲᠠᠢ ᠠᠰᠠᠭᠤᠳᠠᠯ ᠣᠷᠣᠰᠢᠵᠤ ᠪᠠᠶᠢᠬᠤ᠃    ︵ᠳᠥᠷᠪᠡ︶ ᠬᠠᠤᠯᠢ ᠲᠣᠭᠲᠠᠭᠠᠯ ᠠᠴᠠ ᠬᠦᠨᠳᠦ ᠨᠣᠴᠢᠲᠠᠢ ᠵᠥᠷᠢᠴᠡᠨ ᠦᠢᠯᠡᠴᠢᠯᠡᠭᠡ ᠬᠠᠩᠭᠠᠬᠤ᠃    ︵ᠲᠠᠪᠤ︶ ᠬᠥᠮᠥᠨ ᠬᠠᠷ᠎ᠠ ᠦᠬᠦᠵᠤ ᠰᠢᠷᠬᠠᠳᠤᠬᠤ᠂ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠳᠤ ᠤᠴᠠᠷᠠᠭᠤᠯᠵᠤ ᠮᠡᠳᠡᠬᠦ ᠪᠤᠰᠤᠳ ᠬᠦᠨᠳᠦ ᠶᠡᠭᠡ ᠡ᠊ᠨᠳᠡᠯ ᠤᠨ ᠭᠡᠮ ᠰᠤᠭᠤᠭ᠃    ᠳᠥᠷᠪᠡᠳᠦᠭᠡᠷ ᠵᠦᠢᠯ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠴᠢᠬᠤᠯᠠ ᠲᠥᠬᠦᠭᠡᠷᠦᠮᠵᠢ ᠳᠤ ᠬᠦᠨᠳᠦ ᠨᠣᠴᠢᠲᠠᠢ ᠳᠤᠲᠠᠭᠳᠠᠯ ᠲᠠᠢ ᠪᠠᠶᠢᠬᠤ ᠨᠢ ᠭᠤᠣᠯᠳᠠᠭᠤ᠄    ︵ᠨᠢᠭᠡ︶ ᠪᠠᠷᠢᠯᠭ᠎ᠠ ᠶᠢᠨ ᠲᠦᠬᠦᠬᠡᠷᠤᠮᠵᠢ ᠶᠢ ᠬᠢᠨᠠᠨ ᠲᠣᠭᠲᠠᠭᠠᠯᠭᠠᠬᠤ ᠪᠠᠷ ᠳᠠᠮᠵᠢᠭᠠᠳ C ᠲᠡᠰ᠂ D ᠲᠡᠰ ᠎ ᠤᠨ ᠨᠤᠷᠠᠬᠤ ᠠᠶᠤᠯᠲᠠᠢ ᠭᠡᠷ ᠪᠠᠶᠢᠰᠢᠩ ᠳᠤ ᠬᠠᠷᠢᠶᠠᠯᠠᠭᠳᠠᠬᠤ ᠪᠤᠶᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠶᠤᠯ ᠦᠭᠡᠢ ᠶᠢᠨ ᠲᠠᠯ᠎ᠠ ᠪᠠᠷ ᠬᠦᠨᠳᠦ ᠶᠡᠭᠡ ᠭᠡᠮ ᠰᠤᠭᠤᠭ ᠣᠷᠣᠰᠢᠵᠤ ᠪᠠᠶᠢᠬᠤ ᠶᠢ ᠰᠤᠳᠤᠯᠤᠨ ᠮᠠᠭᠠᠳᠯᠠᠭᠰᠠᠨ᠃    ︵ᠬᠤᠶᠠᠷ︶ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠨ ᠪᠠᠶᠢᠴᠠᠭᠠᠯᠲᠠ ᠪᠤᠶᠤ ᠬᠦᠨᠳᠡᠯᠡᠨ ᠤ ᠲᠤᠰᠬᠠᠢ ᠪᠠᠶᠢᠭᠤᠯᠤᠮᠵᠢ ᠶᠢᠨ ᠦᠨᠡᠯᠡᠯᠳᠡ ᠪᠠᠷ ᠲᠠᠮᠵᠢᠨ ᠪᠠᠷᠢᠯᠭ᠎ᠠ ᠶᠢᠨ ᠭᠠᠯ ᠢ ᠰᠡᠷᠭᠡᠶᠢᠯᠡᠬᠦ ᠵᠢᠷᠤᠭ ᠲᠥᠯᠥᠪᠯᠡᠭᠡ᠂ ᠭᠠᠯ ᠰᠡᠷᠭᠡᠶᠢᠯᠡᠨ ᠭᠠᠯ ᠤᠨᠲᠠᠷᠠᠭᠠᠬᠤ᠂ ᠴᠠᠬᠢᠯᠭᠠᠨ᠂ ᠰᠢᠲᠠᠮᠠᠬᠠᠢ ᠬᠡᠢ ᠵᠡᠷᠭᠡ ᠲᠥᠬᠦᠭᠡᠷᠦᠮᠵᠢ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ᠂ ᠭᠠᠯ ᠤᠨᠲᠠᠷᠠᠭᠠᠬᠤ ᠮᠡᠷᠭᠡᠵᠢᠯ ᠤᠨ ᠨᠥᠬᠦᠴᠡᠯ ᠢ ᠪᠦᠷᠢᠳᠦᠭᠦᠯᠦᠭᠰᠡᠨ ᠦᠭᠡᠢ᠂ ᠬᠦᠨᠳᠦ ᠶᠡᠭᠡ ᠡ᠊ᠨᠳᠡᠯ ᠤᠨ ᠭᠡᠮ ᠰᠤᠭᠤᠭ ᠣᠷᠣᠰᠢᠵᠤ ᠪᠠᠶᠢᠬᠤ ᠶᠢ ᠮᠠᠭᠠᠳᠯᠠᠨ ᠲᠤᠬᠳᠠᠭᠠᠬᠰᠠᠨ᠃    ︵ᠭᠤᠷᠪᠠ︶ ᠲᠣᠭᠲᠠᠭᠠᠯ ᠢ ᠵᠥᠷᠢᠴᠡᠨ ᠰᠢᠲᠠᠮᠠᠬᠠᠢ ᠮᠠᠲ᠋ᠧᠷᠢᠶᠠᠯ ᠢᠶᠠᠷ ᠭᠤᠣᠯ ᠮᠠᠲ᠋ᠧᠷᠢᠶᠠᠯ ᠪᠣᠯᠭᠠᠭᠰᠠᠨ ᠥᠩᠭᠡᠲᠦ ᠪᠣᠯᠣᠳ ᠬᠠᠪᠲᠠᠰᠤ ᠪᠠᠷ ᠪᠦᠳᠤᠬᠡᠨ ᠪᠠᠶᠢᠭᠤᠯᠬᠤ ᠪᠤᠶᠤ ᠰᠢᠲᠠᠮᠠᠬᠠᠢ ᠮᠠᠲ᠋ᠧᠷᠢᠶᠠᠯ ᠢ ᠶᠡᠭᠡ ᠪᠠᠷ ᠬᠡᠷᠡᠭᠯᠡᠨ ᠵᠠᠰᠠᠵᠤ ᠴᠢᠮᠡᠭᠯᠡᠬᠦ᠃    ︵ᠳᠥᠷᠪᠡ︶ ᠵᠥᠪᠰᠢᠶᠡᠷᠡᠯ ᠣᠯᠣᠭᠰᠠᠨ ᠦᠭᠡᠢ ᠪᠠᠷ ᠦᠢᠯᠡᠳᠪᠦᠷᠢᠯᠡᠭᠰᠡᠨ᠂ ᠰᠢᠯᠭᠠᠨ ᠪᠠᠶᠢᠴᠠᠭᠠᠯᠭᠠᠭᠰᠠᠨ ᠦᠭᠡᠢ ᠪᠤᠶᠤ ᠰᠢᠯᠭᠠᠨ ᠪᠠᠶᠢᠴᠠᠭᠠᠯᠭᠠᠭᠠᠳ ᠬᠢᠷᠢ ᠲᠡᠩᠴᠡᠭᠰᠡᠨ ᠦᠭᠡᠢ᠂ ᠤᠯᠤᠰ ᠠᠴᠠ ᠲᠣᠳᠣᠷᠬᠠᠢ ᠵᠠᠷᠯᠢᠭᠳᠠᠨ ᠴᠠᠭᠠᠵᠠᠯᠠᠬᠰᠠᠨ᠂ ᠬᠡᠷᠡᠭᠴᠡᠭᠡ ᠠᠴᠠ ᠭᠠᠷᠭᠠᠭᠰᠠᠨ ᠴᠠᠬᠢᠯᠭᠠᠨ ᠱᠠᠲᠤ᠂ ᠬᠦᠸᠧᠯᠤ᠂ ᠬᠡᠢ ᠶᠢᠨ ᠬᠤᠭᠤᠯᠠᠢ ᠵᠡᠷᠭᠡ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠭᠰᠡᠨ᠃    ᠲᠠᠪᠤᠳᠤᠭᠠᠷ ᠵᠦᠢᠯ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠢᠷᠢ ᠬᠡᠮ ᠬᠢᠷᠢ ᠴᠢᠳᠠᠮᠵᠢ ᠨᠢ ᠱᠠᠭᠠᠷᠳᠠᠯᠭ᠎ᠠ ᠳᠤ ᠦᠯᠤ ᠨᠡᠶᠢᠴᠡᠬᠦ ᠨᠢ ᠭᠤᠣᠯᠳᠠᠭᠤ᠄    ︵ᠨᠢᠭᠡ︶ ᠳᠣᠲᠣᠭᠠᠳᠤ ᠳᠤ ᠪᠠᠨ ᠡᠮᠴᠢᠯᠡᠭᠡᠨ ᠤ ᠪᠠᠶᠢᠭᠤᠯᠤᠮᠵᠢ ᠪᠠᠶᠢᠭᠤᠯᠴᠢᠬᠠᠭᠠᠳ ᠬᠠᠤᠯᠢ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ᠂ ᠬᠠᠤᠯᠢ ᠶᠣᠰᠣᠭᠠᠷ ᠳᠠᠩᠰᠠᠯᠠᠭᠤᠯᠤᠭᠰᠠᠨ ᠦᠭᠡᠢ᠃    ︵ᠬᠤᠶᠠᠷ︶ ᠳᠣᠲᠣᠭᠠᠳᠤ ᠳᠤ ᠪᠠᠨ ᠬᠤᠭᠤᠯᠠᠨ ᠭᠡᠷ ᠪᠠᠶᠢᠭᠤᠯᠴᠢᠬᠠᠭᠠᠳ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠣᠭᠰᠠᠨ ᠦᠭᠡᠢ᠃    ︵ᠭᠤᠷᠪᠠ︶ ᠵᠣᠬᠢᠴᠠᠩᠭᠤᠢ ᠬᠢᠷᠢ ᠬᠡᠮ ᠣᠯᠣᠭᠰᠠᠨ ᠦᠭᠡᠢ ᠬᠥᠮᠥᠨ ᠢ ᠬᠡᠷᠡᠭᠯᠡᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠬᠡᠢ ᠶᠢᠨ ᠬᠠᠮᠢᠶᠠᠷᠤᠯᠲᠠ᠂ ᠪᠠᠶᠢᠴᠠᠭᠠᠨ ᠬᠡᠮᠵᠢᠯᠲᠡ ᠵᠡᠷᠭᠡ ᠠᠵᠢᠯ ᠢ ᠬᠢᠯᠭᠡᠬᠦ᠃    ︵ᠳᠥᠷᠪᠡ︶ ᠬᠤᠯᠪᠣᠭᠳᠠᠯ ᠪᠦᠬᠦᠢ ᠦᠨᠡᠮᠯᠡᠯ ᠣᠯᠣᠭᠰᠠᠨ ᠦᠭᠡᠢ᠂ ᠭᠠᠯ ᠤᠨᠲᠠᠷᠠᠭᠠᠬᠤ ᠡᠵᠡᠮᠳᠡᠯ ᠤᠨ ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ ᠴᠢᠳᠠᠬᠤ ᠦᠭᠡᠢ ᠬᠥᠮᠥᠰ ᠢᠶᠠᠷ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠵᠢᠵᠢᠭᠦᠷᠯᠡᠭᠴᠢ ᠪᠣᠯᠭᠠᠬᠤ᠃    ︵ᠲᠠᠪᠤ︶ ᠲᠤᠰᠬᠠᠢ ᠪᠣᠯᠪᠠᠰᠤᠷᠠᠯ ᠭᠥᠷᠳᠡᠭᠰᠡᠨ ᠤᠶᠢᠭᠡᠢ ᠪᠥᠭᠡᠳ ᠵᠣᠬᠢᠴᠠᠩᠭᠤᠢ ᠬᠢᠷᠢ ᠬᠡᠮ ᠣᠯᠣᠭᠰᠠᠨ ᠴᠠᠬᠢᠯᠭᠠᠨ ᠤ ᠠᠵᠢᠯᠴᠢᠨ᠂ ᠬᠡᠢ ᠪᠠᠷ ᠭᠠᠩᠨᠠᠬᠤ ᠵᠡᠷᠭᠡ ᠣᠨᠴᠠ ᠲᠦᠢᠷᠦᠯ ᠤᠨ ᠠᠵᠢᠯ ᠬᠢᠭᠰᠡᠳ ᠤᠨ ᠠᠵᠢᠯᠯᠠᠬᠤ ᠶᠢ ᠵᠦᠪᠰᠢᠶᠡᠷᠡᠭᠰᠡᠨ᠃    ᠵᠢᠷᠭᠤᠳᠤᠭᠠᠷ ᠵᠦᠢᠯ᠄ ᠨᠠᠰᠤᠵᠢᠯ ᠤᠨ ᠪᠠᠶᠢᠭᠤᠯᠤᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠳᠤ ᠬᠦᠨᠳᠦ ᠨᠣᠴᠢᠲᠠᠢ ᠠᠰᠠᠭᠤᠳᠠᠯ ᠣᠷᠣᠰᠢᠵᠤ ᠪᠠᠶᠢᠭ᠎ᠠ ᠨᠢ ᠭᠤᠣᠯᠳᠠᠭᠤ᠄    ︵ᠨᠢᠭᠡ︶ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠢᠳᠡᠭᠡᠨ ᠵᠡᠷᠭᠡ ᠡᠯ᠎ᠡ ᠵᠦᠢᠯ ᠤᠨ ᠠᠶᠤᠯ ᠦᠬᠡᠢ ᠎ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠭᠰᠠᠨ ᠦᠭᠡᠢ ᠪᠤᠶᠤ ᠬᠤᠯᠪᠣᠭᠳᠠᠯ ᠪᠦᠬᠦᠢ ᠠᠶᠤᠯ ᠦᠬᠡᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠃    ︵ᠬᠤᠶᠠᠷ︶ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠴᠠᠬᠢᠯᠭᠠᠨ᠂ ᠰᠢᠲᠠᠮᠠᠬᠠᠢ ᠬᠡᠢ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠲᠦᠭᠰᠢᠭᠦᠷᠢ ᠶᠢ ᠮᠡᠳᠡᠭᠦᠯᠬᠦ᠂ ᠪᠠᠴᠢᠮ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠬᠤ ᠪᠠ ᠪᠠᠶᠢᠩᠭᠤ ᠶᠢᠨ ᠴᠢᠨᠠᠷᠲᠠᠢ ᠪᠠᠷ ᠬᠠᠮᠠᠭᠠᠯᠠᠨ ᠠᠷᠠᠴᠢᠯᠠᠭᠰᠠᠨ ᠦᠭᠡᠢ ᠠᠴᠠ ᠪᠣᠯᠵᠤ᠂ ᠬᠡᠪ ᠤᠨ ᠪᠠᠶᠢᠳᠠᠯ ᠢᠶᠠᠷ ᠬᠡᠷᠡᠭᠯᠡᠬᠦ ᠠᠷᠭ᠎ᠠ ᠦᠭᠡᠢ ᠪᠣᠯᠭᠠᠭᠰᠠᠨ᠃    ︵ᠭᠤᠷᠪᠠ︶ ᠪᠠᠴᠢᠮ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠯ ᠶᠣᠰᠣᠭᠠᠷ ᠲᠣᠭᠲᠠᠭᠠᠭᠰᠠᠨ ᠦᠭᠡᠢ ᠪᠤᠶᠤ ᠪᠠᠴᠢᠮ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠦᠭᠰᠡᠨ ᠦᠭᠡᠢ᠃    ︵ᠳᠥᠷᠪᠡ︶ 24 ᠴᠠᠭ ᠢᠶᠠᠷ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠡᠳᠦᠷ ᠲᠤᠲᠤᠮ ᠤᠨ ᠠᠶᠤᠯ ᠦᠬᠡᠢ ᠶᠢᠨ ᠲᠣᠭᠤᠷᠢᠨ ᠪᠠᠶᠢᠴᠠᠭᠠᠯᠲᠠ ᠬᠢᠭᠰᠡᠨ ᠦᠭᠡᠢ ᠪᠤᠶᠤ ᠲᠣᠭᠤᠷᠢᠨ ᠪᠠᠶᠢᠴᠠᠭᠠᠯᠲᠠ ᠬᠢᠭᠡᠳ ᠢᠯᠡᠷᠡᠭᠦᠯᠦᠭᠰᠡᠨ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠭᠡᠢ᠃    ︵ᠲᠠᠪᠤ︶ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠬᠢᠭᠰᠡᠨ ᠦᠭᠡᠢ᠂ ᠬᠤᠯᠪᠣᠭᠳᠠᠯ ᠪᠦᠬᠦᠢ ᠠᠵᠢᠯᠲᠠᠨ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠵᠡᠷᠭᠡ ᠲᠥᠬᠦᠭᠡᠷᠦᠮᠵᠢ ᠶᠢ ᠬᠡᠷᠡᠭᠯᠡᠵᠦ ᠴᠢᠳᠠᠬᠤ ᠦᠭᠡᠢ᠂ ᠠᠮᠢ ᠵᠢᠭᠤᠲᠠᠬᠤ ᠵᠠᠮ ᠢ ᠡᠵᠡᠮᠰᠢᠭᠰᠡᠨ ᠦᠭᠡᠢ᠃    ︵ᠵᠢᠷᠭᠤᠭ᠎ᠠ︶ ᠪᠠᠷᠢᠯᠭ᠎ᠠ ᠶᠢᠨ ᠠᠵᠢᠯ ᠵᠡᠷᠭᠡ ᠣᠨᠴᠠᠭᠠᠶ ᠪᠠᠶᠢᠳᠠᠯ ᠠᠴᠠ ᠪᠣᠯᠵᠤ ᠴᠠᠬᠢᠯᠭᠠᠨ ᠢᠶᠠᠷ ᠭᠠᠩᠨᠠᠬᠤ ᠵᠡᠷᠭᠡ ᠢᠯᠡ ᠭᠠᠯ ᠨᠣᠴᠣᠭᠠᠬᠤ ᠠᠵᠢᠯ ᠢ ᠬᠢᠬᠦ ᠴᠢᠬᠤᠯᠠᠲᠠᠢ ᠪᠠᠶᠢᠬᠤ ᠳᠤ ᠲᠣᠭᠲᠠᠭᠠᠯ ᠶᠣᠰᠣᠭᠠᠷ ᠢᠯᠨ ᠭᠠᠯ ᠨᠤᠴᠤᠭᠠᠬᠤ  ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠦᠯᠦ ᠬᠢᠭᠰᠡᠨ᠃    ᠳᠣᠯᠣᠳᠤᠭᠠᠷ ᠵᠦᠢᠯ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠬᠦᠨᠳᠦ ᠨᠣᠴᠢᠲᠠᠢ ᠵᠥᠷᠢᠴᠡᠵᠦ ᠦᠢᠯᠡᠴᠢᠯᠡᠭᠡ ᠬᠠᠩᠭᠠᠬᠤ ᠭᠡᠳᠡᠭ ᠨᠢ ᠭᠤᠣᠯᠳᠠᠭᠤ᠄    ︵ᠨᠢᠭᠡ︶ ᠨᠠᠰᠤᠲᠠᠶᠢᠴᠤᠳ ᠤᠨ ᠦᠷᠦᠭᠡ ᠪᠤᠶᠤ ᠠᠮᠠᠷᠠᠯᠲᠠ ᠶᠢᠨ ᠦᠷᠦᠭᠡ ᠶᠢ ᠭᠠᠵᠠᠷ ᠳᠣᠣᠷᠠᠬᠢ ᠦᠷᠦᠭᠡ᠂ ᠬᠠᠭᠠᠰ ᠭᠠᠵᠠᠷ ᠳᠣᠣᠷᠠᠬᠢ ᠦᠷᠦᠭᠡ ᠳᠤ ᠪᠠᠶᠢᠷᠢᠯᠠᠭᠤᠯᠬᠤ᠃    ︵ᠬᠤᠶᠠᠷ︶ ᠳᠣᠲᠣᠭᠠᠳᠤ ᠳᠤ ᠪᠠᠨ ᠬᠤᠭᠤᠯᠠᠨ ᠭᠡᠷ ᠭᠠᠷᠭᠠᠭᠠᠳ ᠲᠦᠭᠦᠬᠡᠢ ᠮᠠᠲ᠋ᠧᠷᠢᠶᠠᠯ ᠢ ᠬᠢᠵᠠᠭᠠᠷᠯᠠᠬᠤ᠂ ᠬᠤᠭᠤᠯᠠᠨ ᠤ ᠰᠠᠪᠠ ᠬᠡᠷᠡᠭᠰᠡᠯ ᠤᠮᠳᠠᠭᠠᠨ ᠤ ᠰᠠᠪᠠ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ᠂ ᠢᠳᠡᠭᠡᠨ ᠤ ᠦᠯᠢᠭᠡᠷ ᠶᠠᠩᠵᠤ ᠦᠯᠡᠳᠡᠭᠡᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠭᠰᠡᠨ ᠦᠭᠡᠢ᠃    ︵ᠭᠤᠷᠪᠠ︶ ᠢᠳᠡᠭᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠣᠯᠣᠭᠰᠠᠨ ᠦᠭᠡᠢ ᠬᠤᠭᠤᠯᠠ ᠬᠠᠩᠭᠠᠬᠤ ᠨᠢᠬᠡᠴᠨ ᠶᠢᠨ ᠬᠢᠨ ᠠᠴᠠ ᠬᠤᠭᠤᠯᠠ ᠵᠠᠬᠢᠶᠠᠯᠠᠭᠰᠠᠨ ᠪᠤᠶᠤ ᠵᠠᠬᠢᠶᠠᠯᠠᠨ ᠠᠪᠤᠭᠰᠠᠨ ᠢᠳᠡᠭᠡᠨ ᠢᠶᠠᠨ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠯᠭᠠᠭᠰᠠᠨ ᠦᠭᠡᠢ᠃    ︵ᠳᠥᠷᠪᠡ︶ ᠨᠠᠰᠤᠲᠠᠶᠢᠴᠤᠳ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠶᠡᠭᠡ ᠬᠤᠣᠷ ᠬᠥᠨᠥᠭᠡᠯ ᠤᠴᠠᠷᠠᠭᠤᠯᠵᠤ ᠮᠡᠳᠡᠬᠦ ᠬᠠᠯᠳᠠᠪᠤᠷᠢᠲᠤ ᠡᠪᠡᠳᠴᠢᠨ ᠲᠠᠢ ᠪᠠᠶᠢᠬᠤ ᠶᠢ ᠣᠯᠵᠤ ᠮᠡᠳᠡᠭᠰᠡᠨ ᠪᠠᠶᠢᠲᠠᠯ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠦᠭᠡᠢ᠃    ᠨᠠᠢᠮᠠᠳᠤᠭᠠᠷ ᠵᠦᠢᠯ᠄ ᠬᠥᠮᠥᠨ ᠬᠠᠷ᠎ᠠ ᠦᠬᠦᠵᠤ ᠰᠢᠷᠬᠠᠳᠤᠬᠤ᠂ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠳᠤ ᠤᠴᠠᠷᠠᠭᠤᠯᠵᠤ ᠮᠡᠳᠡᠬᠦ ᠪᠤᠰᠤᠳ ᠬᠦᠨᠳᠦ ᠶᠡᠭᠡ ᠡ᠊ᠨᠳᠡᠯ ᠤᠨ ᠭᠡᠮ ᠰᠤᠭᠤᠭ ᠭᠡᠳᠡᠭ ᠨᠢ ᠭᠤᠣᠯᠳᠠᠭᠤ ᠲᠠᠷᠠᠭᠠᠬᠢ ᠵᠦᠢᠯ ᠢ ᠵᠢᠭᠠᠵᠤ ᠪᠠᠶᠢᠨ᠎ᠠ᠄    ︵ᠨᠢᠭᠡ︶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠣᠩᠭᠤᠭᠰᠠᠨ ᠭᠠᠵᠠᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ᠂ ᠨᠣᠴᠣᠮᠠᠲᠠᠭᠠᠢ ᠳᠡᠯᠪᠡᠷᠡᠮᠡᠲᠡᠭᠡᠢ᠂ ᠬᠤᠣᠷ ᠬᠥᠨᠥᠭᠡᠯ ᠲᠠᠢ ᠵᠡᠷᠭᠡ ᠠᠶᠤᠯᠲᠤ ᠪᠣᠳᠠᠰ ᠤᠨ ᠦᠢᠯᠡᠳᠪᠦᠷᠢᠯᠡᠯ᠂ ᠡᠵᠡᠩᠨᠡᠯᠲᠡ ᠶᠢᠨ ᠲᠠᠯᠠᠪᠤᠷ ᠯᠤᠭ᠎ᠠ ᠠᠶᠤᠯ ᠦᠬᠡᠢ ᠶᠢᠨ ᠵᠠᠢ ᠲᠠᠢ ᠪᠠᠶᠢᠯᠭᠠᠬᠤ ᠪᠤᠶᠤ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠨ ᠬᠦᠨᠳᠦ ᠶᠡᠭᠡ ᠪᠠᠶᠢᠭᠠᠯᠢ ᠶᠢᠨ ᠭᠠᠮᠰᠢᠭ ᠣᠷᠣᠰᠢᠵᠤ ᠪᠠᠶᠢᠬᠤ ᠶᠢ ᠮᠠᠭᠠᠳᠯᠠᠨ ᠲᠣᠭᠲᠠᠭᠠᠬᠤ ᠲᠦᠭᠰᠢᠭᠦᠷᠢ ᠶᠡᠬᠡᠲᠡᠢ ᠣᠷᠣᠨ ᠪᠦᠰᠡ ᠳᠤ ᠪᠠᠶᠢᠷᠢᠯᠠᠬᠰᠠᠨ᠃    ︵ᠬᠤᠶᠠᠷ︶ ᠠᠶᠤᠯ ᠠᠴᠠ ᠵᠠᠶᠢᠯᠠᠬᠤ ᠵᠠᠮ᠂ ᠠᠶᠤᠯ ᠦᠭᠡᠢ ᠬᠠᠭᠠᠯᠭ᠎ᠠ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠡᠵᠡᠯᠡᠭᠰᠡᠨ ᠪᠤᠶᠤ ᠪᠢᠳᠡᠬᠦᠮᠵᠢᠯᠡᠭᠰᠡᠨ᠃    ︵ᠭᠤᠷᠪᠠ︶ ᠪᠠᠴᠢᠮ ᠢ ᠠᠷᠭᠠᠴᠠᠠᠭᠠᠬᠤ ᠭᠡᠷᠡᠯᠲᠦᠭᠦᠯᠭᠡ᠂ ᠠᠶᠤᠯ ᠠᠴᠠ ᠵᠢᠭᠤᠳᠠᠬᠤ ᠵᠢᠭᠠᠯᠲᠠ ᠲᠡᠮᠳᠡᠭ᠂ ᠠᠶᠤᠯ ᠦᠬᠡᠢ ᠬᠠᠭᠠᠯᠭ᠎ᠠ ᠶᠢᠨ ᠵᠢᠭᠠᠯᠲᠠ ᠲᠡᠮᠳᠡᠭ ᠪᠤᠶᠤ ᠬᠤᠯᠪᠣᠭᠳᠠᠯ ᠪᠦᠬᠦᠢ ᠵᠢᠭᠠᠯᠲᠠ ᠲᠡᠮᠳᠡᠭ ᠲᠠᠯᠪᠢᠭᠰᠠᠨ ᠦᠭᠡᠢ ᠪᠠᠷ ᠬᠠᠯᠬᠠᠯᠠᠭᠳᠠᠭᠰᠠᠨ᠃    ᠶᠢᠰᠦᠳᠦᠭᠡᠷ ᠵᠦᠢᠯ᠄ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠠᠳᠡᠯ ᠤᠨ ᠬᠡᠮ ᠰᠤᠭᠤᠭ ᠢ ᠮᠠᠭᠠᠳᠯᠠᠨ ᠲᠣᠭᠲᠠᠭᠠᠬᠤ ᠳᠤ ᠠᠰᠲᠠᠭᠠᠨ ᠲᠣᠭᠲᠠᠭᠠᠯ ᠲᠠᠢ ᠪᠤᠯ ᠲᠡᠷᠡ ᠲᠣᠭᠲᠠᠭᠠᠯ ᠢ ᠬᠡᠷᠡᠭᠯᠡᠨ᠎ᠡ᠃    ᠠᠷᠪᠠᠳᠤᠭᠠᠷ ᠵᠦᠢᠯ᠄ ᠪᠠᠶᠢᠳᠠᠯ ᠨᠢ ᠪᠤᠳᠤᠯᠢᠶᠠᠨᠲᠠᠢ᠂ ᠬᠦᠨᠳᠦ ᠶᠡᠭᠡ ᠡ᠊ᠨᠳᠡᠯ ᠤᠨ ᠬᠡᠮ ᠰᠤᠭᠤᠭ ᠮᠥᠨ ᠡᠰᠡᠬᠦ ᠶᠢ ᠰᠢᠭᠤᠳ ᠮᠠᠭᠠᠳᠯᠠᠨ ᠲᠣᠭᠲᠠᠭᠠᠬᠤ ᠳᠤ ᠪᠡᠷᠬᠡᠲᠡᠢ ᠪᠤᠯ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠵᠥᠪᠳᠡᠯᠴᠡᠬᠦ ᠪᠤᠶᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠵᠡᠷᠭᠡ ᠶᠢ ᠦᠨᠳᠦᠰᠦᠯᠡᠨ ᠰᠤᠳᠤᠯᠤᠨ ᠨᠤᠲᠠᠯᠠᠭᠰᠠᠨ ᠤ ᠲᠠᠷᠠᠭ᠎ᠠ ᠶᠡᠷᠦᠩᠬᠡᠶᠢᠯᠡᠨ ᠮᠠᠭᠠᠳᠯᠠᠨ ᠲᠣᠭᠲᠠᠭᠠᠵᠤ ᠪᠣᠯᠣᠨ᠎ᠠ᠃    ᠠᠷᠪᠠᠨ ᠨᠢᠭᠡᠳᠦᠭᠡᠷ ᠵᠦᠢᠯ᠄ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠣᠰ ᠪᠠᠷᠢᠮᠵᠢᠶ᠎ᠠ ᠶᠢ ᠦᠨᠳᠦᠰᠦᠯᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠠᠳᠡᠯ ᠤᠨ ᠬᠡᠮ ᠰᠤᠭᠤᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠤᠬᠳᠠᠭᠠᠨ᠎ᠠ᠃    ᠠᠷᠪᠠᠨ ᠬᠤᠶᠠᠳᠤᠭᠠᠷ ᠵᠦᠢᠯ᠄ ᠲᠤᠰ ᠪᠠᠷᠢᠮᠵᠢᠶ᠎ᠠ ᠶᠢ ᠨᠡᠶᠢᠲᠡᠯᠡᠭᠰᠡᠨ ᠡᠳᠦᠷ ᠠᠴᠠ ᠬᠡᠷᠡᠭᠵᠢᠭᠦᠯᠦᠨ᠎ᠡ᠂ ᠲᠠᠪᠤᠨ ᠵᠢᠯ ᠬᠦᠴᠦᠨ ᠲᠠᠢ᠃ 
 
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1