ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/12/20
    ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠰᠣᠳᠤᠯᠬᠤ ᠪᠠᠷ ᠳᠠᠮᠵᠢᠭᠠᠳ ᠳᠠᠷᠠᠭᠠᠬᠢ ᠤᠯᠠᠮ ᠴᠢᠨᠠᠭᠰᠢᠳᠠ ᠬᠡᠷᠡᠭᠯᠡᠬᠦ ᠂ ᠳᠡᠪᠰᠢᠭᠦᠯᠬᠦ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠪᠠᠷ ᠲᠣᠭᠲᠠᠪᠠ᠃    ᠨᠢᠭᠡ᠂ ᠵᠠᠷᠯᠠᠨ ᠨᠡᠶᠢᠲᠡᠯᠡᠬᠦ ᠨᠡᠷᠡᠰ    ᠸᠠᠩ ᠪᠥᠸᠧ ᠸᠧᠨ ᠂ ᠡᠷᠡᠭᠲᠡᠢ ᠂ ᠬᠢᠲᠠᠳ ᠦᠨᠳᠦᠰᠦᠲᠡᠨ ᠂ 1984 ᠣᠨ ᠤ 3 ᠰᠠᠷ᠎ᠠ ᠳᠤ ᠲᠦᠷᠦᠵᠠᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠶᠤᠸᠠᠨ ᠪᠦᠦ ᠱᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ ᠂ ᠪᠠᠯᠭᠠᠰᠤ ᠰᠢᠶᠠᠩ ᠤᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃    ᠰᠥ᠋ ᠨᠠ ᠂ ᠡᠮᠡᠭᠲᠡᠢ ᠂ ᠮᠣᠩᠭᠤᠯ ᠦᠨᠳᠦᠰᠦᠲᠡᠨ ᠂ 1986 ᠣᠨ ᠤ 9 ᠰᠠᠷ᠎ᠠ ᠳᠤ ᠲᠦᠷᠦᠵᠠᠢ ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ  ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ ᠂ ᠪᠠᠯᠭᠠᠰᠤ ᠰᠢᠶᠠᠩ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠎ ᠳᠤ ᠲᠣᠮᠢᠯᠠᠬᠤ ᠪᠠᠷ ᠪᠠᠶᠢᠨ᠎ᠠ᠃    ᠯᠢ ᡁᠢ ᠶᠤᠸᠠᠨ ᠂ ᠡᠷᠡᠭᠲᠡᠢ ᠂ ᠮᠣᠩᠭᠤᠯ ᠦᠨᠳᠦᠰᠦᠲᠡᠨ ᠂ 1988 ᠣᠨ ᠤ 4 ᠰᠠᠷ᠎ᠠ ᠳᠤ ᠲᠦᠷᠦᠵᠡᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠬᠤᠶᠠᠳᠤᠭᠠᠷ ᠲᠠᠰᠤᠭ ᠤᠨ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ ᠂ ᠪᠠᠯᠭᠠᠰᠤ ᠰᠢᠶᠠᠩ ᠤᠨ ᠳᠡᠳ᠋ ᠪᠠᠯᠭᠠᠰᠤᠨ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠠᠶᠢᠨ᠎ᠠ᠃    ᠯᠢ ᠳ᠋ᠧ ᠱᠧᠩ ᠂ ᠡᠷᠡᠭᠲᠡᠢ ᠂ ᠬᠢᠲᠠᠳ ᠦᠨᠳᠦᠰᠦᠲᠡᠨ ᠂ 1972 ᠣᠨ ᠤ 8 ᠰᠠᠷ᠎ᠠ ᠳᠤ ᠲᠦᠷᠦᠵᠡᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠨᠢᠭᠡᠳᠦᠭᠡᠷ ᠳᠡᠰ ᠤᠨ ᠬᠢᠨᠠᠨ ᠪᠠᠶᠢᠴᠠᠭᠠᠭᠴᠢ ᠶᠢᠨ ᠲᠤᠰᠢᠶᠠᠯ ᠲᠠᠢ ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃    ᠶᠢᠨ ᠵᠠᠨ ᠹᠧᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 4 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠣᠲᠣ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠲᠣᠭᠤᠷᠢᠭ ᠤᠨ ᠨᠠᠮ ᠤᠨ ᠬᠤᠷᠢᠶᠠᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠠᠶᠢᠨ᠎ᠠ᠃    ᠲᠠᠨ ᠱᠥ ᠨᠠᠨ ᠂ ᠡᠷᠡᠭᠲᠡᠢ ᠂ ᠬᠢᠲᠠᠳ ᠦᠨᠳᠦᠰᠦᠲᠡᠨ ᠂ 1992 ᠣᠨ ᠤ 4 ᠰᠠᠷ᠎ᠠ ᠳᠤ ᠲᠦᠷᠦᠵᠠᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠮᠣᠬᠤᠷ ᠭᠤᠤᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ ᠂ ᠵᠣᠬᠢᠶᠠᠨ ᠪᠠᠶᠢᠭᠤᠯᠬᠤ ᠭᠡᠰᠢᠭᠦᠨ ᠤ ᠲᠤᠰᠢᠶᠠᠯ ᠲᠠᠢ ᠂ ᠲᠣᠭᠤᠷᠢᠭ ᠤᠨ ᠤᠯᠠᠨ ᠲᠦᠮᠡᠨ ᠤ ᠪᠦᠯᠬᠦᠮ ᠤᠨ ᠪᠠᠶᠢᠭᠤᠯᠭ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠠᠶᠢᠨ᠎ᠠ ᠃    ᠬᠠᠨ ᠰᠧ ᠮᠢᠨ ᠂ ᠡᠮᠡᠭᠲᠡᠢ ᠂ ᠬᠢᠲᠠᠳ ᠦᠨᠳᠦᠰᠦᠲᠡᠨ ᠂ 1980 ᠣᠨ ᠤ 10 ᠰᠠᠷ᠎ᠠ ᠳᠤ ᠲᠦᠷᠦᠵᠡᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ ᠂ ᠲᠣᠭᠤᠷᠢᠭ ᠤᠨ ᠤᠯᠠᠨ ᠲᠦᠮᠡᠨ ᠤ ᠪᠦᠯᠬᠦᠮ ᠤᠨ ᠪᠠᠶᠢᠭᠤᠯᠤᠯᠭ᠎ᠠ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠠᠶᠢᠨ᠎ᠠ ᠃    ᠢᠦᠢ ᠬᠠᠢ ᠹᠧᠢ ᠂ ᠡᠮᠡᠭᠲᠡᠢ ᠂ ᠬᠢᠲᠠᠳ ᠦᠨᠳᠦᠰᠦᠲᠡᠨ ᠂ 1982 ᠣᠨ ᠤ 5 ᠰᠠᠷ᠎ᠠ ᠳᠤ ᠲᠦᠷᠦᠵᠠᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠪᠠᠶᠢᠴᠠᠭᠠᠭᠴᠢ ᠳᠠᠷᠤᠭ᠎ᠠ ᠂ ᠪᠠᠶᠢᠴᠠᠭᠠᠬᠤ ᠺᠣᠮᠢᠰ ᠤᠨ ᠭᠡᠰᠢᠭᠦᠨ ᠂ ᠨᠢᠭᠡᠳᠦᠭᠡᠷ ᠳᠡᠰ ᠤᠨ ᠪᠠᠶᠢᠴᠠᠭᠠᠭᠴᠢ ᠶᠢᠨ ᠲᠤᠰᠢᠶᠠᠯ ᠲᠠᠢ ᠂ ᠰᠢᠭᠦᠬᠦ ᠪᠠᠶᠢᠴᠠᠭᠠᠬᠤ ᠰᠢᠰᠲ᠋ᠧᠮ ᠤᠨ ᠵᠢᠩᠬᠢᠨᠢ ᠰᠠᠯᠠᠭᠠᠨ ᠲᠡᠰ ᠤᠨ ᠳᠡᠳ᠋ ᠲᠤᠰᠢᠶᠠᠯ ᠳᠤ ᠲᠣᠮᠢᠯᠠᠬᠤ ᠪᠠᠷ ᠪᠠᠶᠢᠨ᠎ᠠ ᠃    ᠽᠧᠦ ᠵᠢᠶᠦ᠋ᠨ ᠵᠢᠶᠧ᠂ ᠡᠷᠡᠭᠲᠡᠢ ᠂ ᠬᠢᠲᠠᠳ ᠦᠨᠳᠦᠰᠦᠲᠡᠨ ᠂ 1973 ᠣᠨ ᠤ 4 ᠰᠠᠷ᠎ᠠ ᠳᠤ ᠲᠦᠷᠦᠵᠠᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠲᠣᠪᠴᠢᠶᠠᠨ ᠳᠠᠷᠤᠭ᠎ᠠ ᠶᠢᠨ ᠲᠤᠰᠢᠶᠠᠯ ᠲᠠᠢ ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠳᠤ ᠨᠡᠷ᠎ᠡ ᠳᠤᠷᠠᠳᠴᠤ ᠲᠣᠮᠢᠯᠠᠬᠤ ᠪᠠᠷ ᠪᠠᠶᠢᠨ᠎ᠠ᠃    ᠯᠢ ᠵᠢᠶᠠᠨ ᠶᠠᠩ ᠂ ᠡᠷᠡᠭᠲᠡᠢ ᠂ ᠬᠢᠲᠠᠳ ᠦᠨᠳᠦᠰᠦᠲᠡᠨ ᠂ 1977 ᠣᠨ ᠤ 2 ᠰᠠᠷ᠎ᠠ ᠳᠤ ᠲᠦᠷᠦᠵᠠᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠱᠠᠨ ᠴᠢᠶᠠᠨ ᠰᠤᠷᠭᠠᠭᠤᠯᠢ ᠶᠢᠨ ᠳᠡᠳ᠋ ᠵᠠᠬᠢᠷᠤᠯ ᠤᠨ ᠲᠤᠰᠢᠶᠠᠯ ᠲᠠᠢ ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠵᠢᠩᠬᠢᠨᠢ ᠰᠠᠯᠠᠭᠠᠨ ᠲᠡᠰ ᠤᠨ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠲᠤᠰᠢᠶᠠᠯ ᠳᠤ ᠨᠡᠷ᠎ᠡ ᠳᠤᠷᠠᠳᠴᠤ ᠲᠣᠮᠢᠯᠠᠬᠤ ᠪᠠᠷ ᠪᠠᠶᠢᠨ᠎ᠠ ᠃    ᠵᠠᠩ ᠯᠢ ᠮᠢᠩ ᠂ ᠡᠷᠡᠭᠲᠡᠢ ᠂ ᠬᠢᠲᠠᠳ ᠦᠨᠳᠦᠰᠦᠲᠡᠨ ᠂ 1970 ᠣᠨ ᠤ 9 ᠰᠠᠷ᠎ᠠ ᠳᠤ ᠲᠦᠷᠦᠵᠠᠢ ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠳᠤ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠶᠢᠨ ᠲᠤᠰᠢᠶᠠᠯ ᠲᠠᠢ ᠂ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠵᠢᠩᠬᠢᠨᠢ ᠰᠠᠯᠠᠭᠠᠨ ᠲᠡᠰ ᠤᠨ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠠᠶᠢᠨ᠎ᠠ ᠃    ᠬᠤᠶᠠᠷ ᠂ ᠵᠠᠷᠯᠠᠨ ᠨᠡᠶᠢᠲᠡᠯᠡᠬᠦ ᠴᠠᠭ    2023 ᠣᠨ ᠤ 12 ᠰᠠᠷ᠎ᠠ ᠶᠢᠨ 20᠎ ᠤ ᠡᠳᠦᠷ ᠎ ᠠᠴᠠ 2023 ᠣᠨ ᠤ 12 ᠰᠠᠷ᠎ᠠ ᠶᠢᠨ 26 ᠎ ᠤ ᠡᠳᠦᠷ ᠪᠣᠯᠲᠠᠯ᠎ᠠ ᠃    ᠭᠤᠷᠪᠠ ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠢ ᠪᠣᠯᠣᠨ ᠬᠤᠪᠢ ᠬᠥᠮᠥᠨ ᠠᠰᠠᠭᠤᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ  ᠵᠠᠷᠯᠠᠨ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ  ᠲᠤᠰᠬᠠᠬᠤ ᠳᠠᠭᠠᠨ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃    ᠵᠠᠷᠯᠠᠨ ᠨᠡᠶᠢᠲᠡᠯᠡᠬᠦ ᠠᠯᠪᠠᠨ ᠭᠡᠷ ᠢ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 405 ᠲᠠᠰᠤᠭ ᠲᠤ ᠲᠣᠬᠢᠷᠠᠭᠤᠯᠪᠠ᠃    ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 ︱ 12᠄ 00    ᠦᠳᠡ ᠶᠢᠨ ᠬᠤᠶᠢᠨᠠᠬᠢ 2᠄ 30 ︱ 6᠄ 00    ᠬᠦᠯᠢᠶᠡᠨ ᠠᠪᠬᠤ ᠤᠲᠠᠰᠤ᠄ ︵ 0476︶ 12380 ︱ 12    ᠣᠨᠴᠠᠭᠠᠶᠢᠯᠠᠨ ᠵᠠᠷᠯᠠᠪᠠ                   ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ                   ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ                    ᠎ ᠤ ᠵᠣᠬᠢᠶᠠᠨ ᠪᠠᠶᠢᠭᠤᠯᠬᠤ ᠬᠡᠯᠲᠡᠰ                          2023 ᠣᠨ ᠤ 12 ᠰᠠᠷ᠎ᠠ ᠶᠢᠨ 19 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1