ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠶᠤᠸᠠᠨ ᠪᠦᠦ ᠱᠠᠨ ᠲᠣᠭᠤᠷᠢᠭ ᠤᠨ 2023 ᠣᠨ ᠤ ᠠᠵᠢᠯᠴᠢᠨ ᠤ ᠡᠪᠯᠡᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠰᠢᠯᠭᠠᠯᠲᠠ ᠬᠢᠪᠡ
ᠨᠡᠶᠢᠲᠡᠯᠡᠭᠰᠡᠨ ᠴᠠᠭ᠄
2023/12/23
    12 ᠰᠠᠷ᠎ᠠ ᠶᠢᠨ 21᠎ ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠰᠦᠨ ᠵᠢᠩ ᠬᠤᠸᠠ ᠬᠢᠨᠠᠨ ᠰᠢᠯᠭᠠᠬᠤ ᠳᠤᠭᠤᠶᠢᠯᠠᠩ ᠢ ᠳᠠᠭᠠᠭᠤᠯᠤᠨ᠂ ᠶᠤᠸᠠᠨ ᠪᠦᠦ ᠱᠠᠨ ᠲᠣᠭᠤᠷᠢᠭ ᠤᠨ 2023 ᠣᠨ ᠤ ᠠᠵᠢᠯᠴᠢᠨ ᠤ ᠡᠪᠯᠡᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠰᠢᠯᠭᠠᠯᠲᠠ ᠬᠢᠪᠡ ᠃
1_副本.jpg
       ᠬᠢᠨᠠᠨ ᠰᠢᠯᠭᠠᠬᠤ ᠳᠤᠭᠤᠶᠢᠯᠠᠩ ᠤᠨ ᠬᠢᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ 2023 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠠᠵᠢᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠬᠢᠨᠠᠨ ᠰᠢᠯᠭᠠᠵᠤ ᠬᠤᠪᠢ ᠥᠭᠴᠡᠢ ᠃
2_副本.jpg
3_副本.jpg
       ᠬᠢᠨᠠᠨ ᠰᠢᠯᠭᠠᠬᠤ ᠬᠤᠭᠤᠴᠠᠭᠠᠨ ᠳᠤ ᠂ ᠰᠦᠨ ᠵᠢᠩ ᠬᠤᠸᠠ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ ᠂ ᠤᠷᠢᠳ ᠬᠤᠵᠢᠳ ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠲᠠᠢ ᠶᠠᠩ ᠱᠠᠨ ᠨᠡᠶᠢᠭᠡᠮ ᠲᠣᠭᠤᠷᠢᠭ ᠤᠨ ᠦᠨᠳᠦᠰᠦᠨ ᠱᠠᠲᠤ ᠎ ᠲᠠᠢ ᠬᠤᠯᠪᠤᠭᠠᠯᠠᠭᠰᠠᠨ ᠠᠵᠢᠯᠴᠢᠨ ᠤ ᠡᠪᠯᠡᠯ ᠂ ᠬᠠᠶᠢᠷ᠎ᠠ ᠬᠠᠯᠠᠮᠵᠢ ᠶᠢᠨ ᠭᠡᠷ ᠣᠷᠣᠨ ᠎ ᠤ ︽ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠠᠶᠢᠷ᠎ᠠ ᠬᠠᠯᠠᠮᠵᠢ ᠶᠢᠨ ᠦᠷᠲᠡᠭᠡ ︾ ᠂ ᠼᠣᠣ ᠶᠤᠸᠠᠨ ᠾᠥᠢ ᠰᠢᠶᠠᠩ ᠠᠵᠢᠯᠲᠠᠨ‌ᠠᠵᠢᠯᠴᠢᠨ ᠎ ᠤ ᠰᠢᠨ᠎ᠡ ᠶᠢ ᠡᠭᠦᠳᠬᠦ ᠠᠵᠢᠯ ᠤᠨ ᠲᠠᠰᠤᠭ ᠂ ᠠᠵᠢᠯᠲᠠᠨ‌ᠠᠵᠢᠯᠴᠢᠨ ᠤ ᠭᠡᠷ ᠣᠷᠤᠨ ᠎ ᠳᠤ ᠬᠥᠷᠴᠦ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠡᠢ ᠃ ᠰᠦᠨ ᠵᠢᠩ ᠬᠤᠸᠠ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠶᠢᠷ᠎ᠠ ᠬᠠᠯᠠᠮᠵᠢ ᠶᠢᠨ ᠭᠡᠷ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠪᠥᠲᠦᠭᠡᠨ ᠪᠠᠶᠢᠭᠤᠯᠤᠭᠰᠠᠨ ︽ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠠᠶᠢᠷ᠎ᠠ ᠬᠠᠯᠠᠮᠵᠢ ᠶᠢᠨ ᠦᠷᠲᠡᠭᠡ ︾᠎ ᠶᠢ ᠳᠡᠮᠵᠢᠨ ᠦᠢᠯᠡᠳᠦᠯ ᠪᠠᠳᠠᠷᠠᠭᠤᠯᠤᠭᠰᠠᠨ ᠪᠠᠶᠢᠳᠠᠯ ᠢ ᠳᠡᠭᠡᠳᠦ ᠬᠡᠮᠵᠢᠶ᠎ᠡ ᠪᠠᠷ ᠥᠨᠡᠯᠡᠪᠡ᠃ ᠲᠡᠷᠡ ᠬᠡᠯᠡᠭᠰᠡᠨ ᠨᠢ᠂ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠬᠠᠶᠢᠷ᠎ᠠ ᠬᠠᠯᠠᠮᠵᠢ ᠶᠢᠨ ᠭᠡᠷ ᠣᠷᠣᠨ ᠬᠤᠯᠪᠤᠭᠠᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠲᠤ ᠦᠢᠯᠡᠴᠢᠯᠡᠬᠦ ᠭᠠᠷᠳᠠᠴᠠ ᠶᠢ ᠣᠯᠵᠤ ᠂ ᠲᠠᠪᠤᠨ ᠵᠢᠯ ᠢ ᠨᠢᠭᠡ ᠡᠳᠦᠷ ᠮᠡᠲᠦ ᠪᠠᠷ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠢ ᠬᠠᠯᠠᠮᠵᠢᠯᠠᠨ ᠬᠠᠶᠢᠷᠠᠯᠠᠵᠤ ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠵᠤ ᠂ ᠨᠡᠶᠢᠭᠡᠮ ᠤᠨ ᠵᠥᠪ ᠡᠨᠧᠷᠭᠢ ᠶᠢ ᠪᠠᠳᠠᠷᠠᠭᠤᠯᠪᠠ ᠭᠡᠵᠡᠢ᠃ ᠼᠣᠣ ᠶᠤᠸᠠᠨ ᠾᠥᠢ ᠰᠢᠶᠠᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠰᠦᠨ ᠵᠢᠩ ᠬᠤᠸᠠ  ᠴᠢᠬᠤᠯᠠᠴᠢᠯᠠᠭᠰᠠᠨ ᠨᠢ᠂ ᠼᠣᠣ ᠶᠤᠸᠠᠨ ᠾᠥᠢ ᠰᠢᠶᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠠᠶᠢᠵᠤ᠂ ᠥᠪᠡᠷ ᠤᠨ ᠣᠨᠴᠠᠯᠢᠭ ᠪᠦᠬᠦᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠠᠯ᠎ᠠ ᠨᠤᠲᠤᠭ ᠤᠨ ᠪᠦᠲᠦᠭᠡᠭᠳᠡᠬᠦᠨ ᠤ ᠪᠥᠬᠦ ᠤᠯᠤᠰ ᠲᠤ ᠬᠠᠨᠳᠤᠬᠤ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠡᠢ᠃ ᠬᠢᠨᠠᠨ ᠰᠢᠯᠭᠠᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ 2023 ᠣᠨ ᠤ ᠠᠵᠢᠯᠴᠢᠨ ᠤ ᠡᠪᠯᠡᠯ ᠤᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠵᠦ ᠂ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠂ ᠠᠵᠢᠯᠲᠠᠨ‌ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ ᠢ ᠡᠭᠦᠳᠦᠨ ᠪᠠᠶᠢᠭᠤᠯᠬᠤ ᠂ ᠠᠵᠢᠯᠲᠠᠨ‌ᠠᠵᠢᠯᠴᠢᠨ ᠤ ᠭᠡᠷ ᠣᠷᠤᠨ ᠤ ᠪᠠᠶᠢᠭᠤᠯᠤᠯᠲᠠ ᠪᠣᠯᠣᠨ ᠠᠵᠢᠯᠲᠠᠨ ᠠᠵᠢᠯᠴᠢᠨ ᠳᠤ ᠦᠨᠡᠨᠴᠢ ᠪᠠᠷ ᠦᠢᠯᠡᠴᠢᠯᠡᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠭᠦᠳᠴᠦ ᠂ ᠠᠵᠢᠯᠴᠢᠨ ᠤ ᠡᠪᠯᠡᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠢᠯᠡᠷᠡᠭᠦᠯᠬᠦ ᠶᠢ ᠬᠦᠰᠡᠵᠦ ᠪᠠᠶᠢᠨ᠎ᠠ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1