ᠰᠦᠨ ᠱᠣᠣ ᠴᠧᠩ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠬᠤ ᠪᠠ ᠬᠥᠭᠵᠢᠭᠦᠯᠬᠦ ᠲᠤᠬᠠᠢ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2023/12/26
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠬᠦ ᠲᠤᠬᠠᠢ ᠴᠣᠬᠤᠯᠠᠪᠤᠷᠢ ᠥᠭᠪᠡ᠃ ᠲᠡᠷᠡ᠂ ᠣᠶᠢᠷ᠎ᠠ ᠶᠢᠨ ᠵᠢᠯ ᠠᠴᠠ ᠡᠯ᠎ᠡ ᠭᠠᠵᠠᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠶᠡᠭᠡ ᠪᠠᠷ ᠳᠡᠯᠭᠡᠷᠡᠭᠦᠯᠵᠦ᠂ ᠨᠢᠭᠡ ᠪᠦᠯᠦᠭ ︽ᠹᠧᠩ ᠴᠢᠶᠣᠤ ᠮᠠᠶ᠋ᠢᠭ ᠤᠨ ᠠᠵᠢᠯᠯᠠᠬᠤ ᠠᠷᠭ᠎ᠠ︾᠎ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠠᠢ᠃ ᠲᠤᠷᠰᠢᠯᠭ᠎ᠠ ᠪᠠᠨ ᠳ᠋ᠦᠩᠨᠡᠵᠦ᠂ ᠲᠣᠭᠲᠠᠴᠠ ᠪᠠᠨ ᠲᠡᠭᠦᠯᠳᠡᠷᠵᠢᠭᠦᠯᠵᠦ᠂ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤ ᠠᠴᠠ ᠪᠠᠨ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾᠎ ᠪᠠᠷ ᠬᠠᠷᠠᠯᠲᠠ ᠪᠤᠯᠭᠠᠵᠤ᠂ ᠤᠷᠢᠳᠴᠢᠯᠠᠨ ᠰᠡᠷᠭᠡᠶᠢᠯᠡᠬᠦ ᠶᠢ ᠤᠷᠢᠳ ᠢᠶᠠᠷ ᠪᠣᠳᠣᠯᠬᠢᠯᠠᠵᠤ᠂ ᠡᠶᠡᠳᠡᠭᠦᠯᠬᠦ ᠶᠢ ᠲᠡᠷᠢᠭᠦᠨ ᠳᠤ ᠲᠠᠯᠪᠢᠵᠤ᠂ ᠬᠠᠤᠯᠢᠵᠢᠯ ᠢ ᠬᠡᠷᠡᠭᠯᠡᠵᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠶᠢ ︽ᠹᠧᠩ ᠴᠢᠶᠤᠤ ᠶᠢᠨ ᠲᠤᠷᠰᠢᠯᠭ᠎ᠠ ︾᠎ ᠶᠢ ᠳᠡᠯᠭᠡᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠠᠵᠢᠯ ᠤᠨ ᠶᠠᠪᠤᠴᠠ ᠪᠠᠨ ᠴᠢᠨᠠᠭᠰᠢᠳᠠ ᠰᠢᠯᠢᠳᠡᠭᠵᠢᠭᠦᠯᠵᠦ᠂ ᠣᠷᠣᠯᠠᠨ ᠭᠦᠢᠴᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠳᠤ ᠬᠦᠴᠢᠷ ᠠᠰᠠᠭᠤᠳᠠᠯ ᠢ ᠨᠢ ᠨᠡᠩ ᠰᠠᠶᠢᠨ ᠰᠢᠢᠳᠪᠦᠷᠢᠯᠡᠨ ᠥᠭᠴᠦ᠂ ᠪᠣᠳᠠᠲᠤ ᠶᠠᠪᠤᠳᠠᠯ ᠬᠢᠵᠦ ᠥᠭᠭᠦᠨ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠎ ᠶᠢ ᠤᠮᠠᠷᠠᠲᠤ ᠬᠢᠯᠢ ᠶᠢᠨ ᠡᠬᠡ ᠭᠠᠵᠠᠷ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃    12 ᠰᠠᠷ᠎ᠠ ᠶᠢᠨ 22᠎ ᠤᠨ ᠡᠳᠦᠷ᠂ ᠪᠦᠭᠦ ᠣᠷᠣᠨ ᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢ ᠭᠦᠨᠵᠡᠭᠡᠢ ᠦᠢᠯᠡᠳᠦᠯᠭᠡᠵᠢᠭᠦᠯᠬᠦ ᠶᠡᠭᠡ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ ᠰᠦᠨ ᠱᠤᠤ ᠴᠧᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠲᠡᠷᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠎ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠵᠥᠷᠢᠴᠡᠯ ᠵᠠᠭᠤᠷᠠᠭᠠᠨ ᠢ ᠤᠷᠢᠳᠴᠢᠯᠠᠨ ᠰᠡᠷᠭᠡᠶᠢᠯᠡᠬᠦ ᠶᠢ ᠤᠷᠢᠳ ᠢᠶᠠᠷ ᠪᠣᠳᠣᠯᠬᠢᠯᠠᠵᠤ᠂ ᠡᠶᠡᠳᠡᠭᠦᠯᠬᠦ ᠶᠢ ᠲᠡᠷᠢᠭᠦᠨ ᠳᠤ ᠲᠠᠯᠪᠢᠵᠤ᠂ ᠬᠠᠤᠯᠢᠵᠢᠯ ᠢ ᠬᠡᠷᠡᠭᠯᠡᠵᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠣᠷᠣᠯᠠᠨ ᠭᠦᠢᠴᠡᠳᠬᠡᠬᠦ ᠶᠠᠪᠤᠴᠠ ᠪᠠ ᠠᠷᠭ᠎ᠠ ᠵᠠᠮ᠂ ᠰᠢᠢᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠤᠴᠢᠷ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠦᠢᠯᠡᠴᠢᠯᠡᠨ ᠪᠠᠲᠤᠯᠠᠬᠤ ᠳᠤ ᠰᠢᠨ᠎ᠡ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠵᠠᠢ᠃ ᠬᠤᠷᠠᠯ ᠠᠴᠠ ︽ᠹᠧᠩ ᠴᠢᠶᠣᠤ ᠮᠠᠶ᠋ᠢᠭ ᠤᠨ ᠠᠵᠢᠯᠯᠠᠬᠤ ᠠᠷᠭ᠎ᠠ︾᠎ ᠶᠢᠨ 50 ᠲᠡᠷᠢᠭᠦᠨ ᠤ ᠨᠡᠶᠢᠲᠡᠯᠢᠭ ᠵᠢᠱᠢᠶ᠎ᠡ ᠳᠤ ᠱᠠᠩᠨᠠᠯ ᠣᠯᠭᠤᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1