ᠶᠤᠸᠠᠨ ᠪᠦᠦ ᠱᠠᠨ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/12/29
    12 ᠰᠠᠷ᠎ᠠ ᠶᠢᠨ 25᠎ ᠤ ᠡᠳᠦᠷ ᠠᠴᠠ 26᠎ ᠤ ᠡᠳᠦᠷ ᠪᠣᠯᠲᠠᠯ᠎ᠠ᠂ ᠶᠤᠸᠠᠨ ᠪᠦᠦ ᠱᠠᠨ ᠪᠠᠯᠭᠠᠰᠤᠨ ᠤ ᠠᠵᠢᠯᠴᠢᠨ ᠤ ᠶᠡᠷᠦᠩᠬᠡᠢ ᠡᠪᠯᠡᠯ ︽ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ︾ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠠᠵᠢᠯᠲᠠᠨ  ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠪᠠᠶᠢᠭᠤᠯᠭ᠎ᠠ ᠶᠢᠨ ᠺᠠᠳ᠋ᠷᠴᠤᠳ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠪᠦᠯᠬᠦᠮᠳᠡᠨ ᠲᠡᠮᠡᠴᠡᠬᠦ᠂ ᠥᠭᠡᠳᠡᠯᠡᠨ ᠳᠠᠪᠰᠢᠬᠤ᠂ ᠬᠦᠴᠦᠯᠡᠨ ᠴᠢᠷᠮᠠᠶᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠪᠠᠳᠠᠷᠠᠭᠤᠯᠪᠠ᠃
1_副本.jpg
2_副本.png
3_副本.png
       ᠲᠣᠰ ᠤᠳᠠᠭᠠᠨ ᠤ ᠰᠢᠷᠢᠰ ᠠᠵᠢᠯᠯᠠᠭ᠎ᠠ ᠳᠤ ᠢᠳᠡᠷᠡᠭᠦᠨ ᠠᠯᠬᠤᠬᠤ᠂ ᠳᠡᠭᠡᠰᠦ ᠲᠠᠲᠠᠬᠤ᠂ ᠳᠡᠭᠡᠰᠦ ᠦᠰᠦᠷᠬᠦ᠂ ᠪᠥᠮᠪᠦᠭᠡ ᠰᠠᠭᠰᠤᠯᠠᠬᠤ ᠵᠡᠷᠭᠡ 4 ᠤᠷᠤᠯᠳᠤᠭᠠᠨ ᠤ ᠵᠦᠢᠯ ᠢ ᠲᠣᠬᠢᠷᠠᠭᠤᠯᠵᠤ᠂ ᠨᠡᠶᠢᠲᠡ 80 ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃ ᠤᠷᠤᠯᠳᠤᠭᠠᠨ ᠨᠢᠭᠡᠪᠦᠷᠢ ᠨᠢ ᠴᠥᠮ ᠰᠣᠨᠢᠷᠬᠠᠯᠲᠤ ᠴᠢᠨᠠᠷ᠂ ᠬᠠᠮᠲᠤᠷᠠᠯᠴᠠᠭᠠᠨ ᠤ ᠴᠢᠨᠠᠷ ᠢ ᠤᠶᠠᠯᠳᠤᠭᠤᠯᠵᠤ ᠂ ᠬᠤᠪᠢ ᠬᠥᠮᠥᠨ ᠤ ᠠᠮᠢᠵᠢᠷᠠᠯ ᠤᠨ ᠬᠦᠴᠦᠨ ᠤ ᠴᠤᠭ ᠵᠢᠪᠬᠤᠭ᠎ᠠ ᠶᠢ ᠢᠯᠡᠷᠡᠭᠦᠯᠦᠭᠰᠡᠨ ᠮᠥᠷᠲᠡᠭᠡᠨ ᠪᠠᠰᠠ ᠪᠦᠯᠬᠦᠮ ᠨᠡᠶᠢᠲᠡ ᠶᠢᠨ ᠪᠦᠷᠢᠨ ᠲᠡᠭᠦᠯᠳᠡᠷ ᠬᠠᠮᠵᠢᠯᠴᠠᠭ᠎ᠠ ᠶᠢ ᠢᠯᠡᠷᠡᠭᠦᠯᠵᠦ ᠂ ᠲᠤᠬᠠᠢ ᠶᠢᠨ ᠲᠠᠯᠠᠪᠤᠷ ᠲᠤ ᠵᠣᠷᠢᠭᠵᠢᠭᠤᠯᠤᠯ ᠤᠨ ᠤᠷᠠᠢ ᠲᠠᠰᠤᠷᠠᠯᠲᠠ ᠦᠭᠡᠢ ᠴᠤᠤᠷᠢᠶᠠᠲᠤᠵᠤ ᠂ ᠤᠯᠠᠨ ᠢᠶᠠᠷ ᠢᠶᠠᠨ ᠬᠠᠷᠢᠯᠴᠠᠨ ᠬᠠᠮᠵᠢᠯᠴᠠᠬᠤ ᠪᠠᠷ ᠳᠠᠮᠵᠢᠨ ᠡᠯ᠎ᠡ ᠵᠦᠢᠯ ᠤᠨ ᠤᠷᠤᠯᠳᠤᠭᠠᠨ ᠢ ᠬᠠᠮᠲᠤᠪᠠᠷ ᠪᠡᠶᠡᠯᠡᠭᠦᠯᠪᠡ ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠶᠤᠸᠠᠨ ᠪᠦᠦ ᠱᠠᠨ ᠪᠠᠯᠭᠠᠰᠤᠨ ᠤ ᠺᠠᠳ᠋ᠷ ᠠᠵᠢᠯᠲᠠᠨ ᠤ ᠥᠭᠡᠳᠡᠯᠡᠨ ᠳᠠᠪᠰᠢᠬᠤ ᠴᠤᠭ ᠵᠢᠪᠬᠤᠭ᠎ᠠ ᠪᠠ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ᠤᠯᠠᠨ ᠢᠶᠠᠷ ᠢᠶᠠᠨ ᠂ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠤᠷᠤᠯᠳᠤᠭᠠᠨ ᠤ ᠲᠠᠯᠠᠪᠠᠢ ᠳᠤ ᠣᠷᠭᠢᠯᠤᠨ ᠪᠠᠳᠠᠷᠠᠭᠰᠠᠨ ᠬᠠᠯᠠᠭᠤᠨ ᠰᠡᠳᠬᠢᠯᠭᠡ ᠪᠣᠯᠣᠨ ᠠᠮᠢᠵᠢᠷᠠᠯ ᠤᠨ ᠬᠦᠴᠦᠨ ᠎ ᠢᠶᠠᠨ ᠠᠵᠢᠯ ᠤᠨ ᠳᠤᠮᠳᠠ ᠪᠠᠨ ᠬᠦᠴᠦᠯᠡᠨ ᠴᠢᠷᠮᠠᠶᠢᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠨ᠎ᠠ ᠭᠡᠵᠦ ᠢᠯᠡᠳᠬᠡᠵᠡᠭᠡᠪᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1