ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ 2023 ᠣᠨ ᠤ 16 ᠳ᠋ᠤᠭᠠᠷ ᠤᠳᠠᠭᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/30
    12 ᠰᠠᠷ᠎ᠠ ᠶᠢᠨ 28᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ 2023 ᠣᠨ ᠤ 16 ᠳ᠋ᠤᠭᠠᠷ ᠤᠳᠠᠭᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠸᠠᠩ ᠶᠠᠨ ᠪᠥᠸᠧ᠂ ᠭᠠᠷᠤᠳᠢ᠂ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠪᠠ︔ 2024 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠢᠯᠡᠳᠬᠡᠯ ︵ᠶᠠᠷᠢᠯᠴᠠᠬᠤ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ 2023 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠢᠯᠡᠳᠬᠡᠯ ︵ᠶᠠᠷᠢᠯᠴᠠᠬᠤ ᠨᠣᠣᠷᠠᠭ︶︾᠎ ᠢ ᠬᠢᠨᠠᠨ ᠵᠥᠪᠯᠡᠪᠡ︔ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠠᠬᠢᠭᠤᠯᠤᠨ ᠨᠠᠶᠢᠳᠠᠪᠤᠷᠢᠵᠢᠭᠤᠯᠬᠤ ᠂ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ︔ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ ᠃ᠬᠤᠷᠠᠯ ᠠᠴᠠ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠵᠠᠰᠠᠭ ᠤᠨ ᠣᠷᠳᠣᠨ ᠤ ᠣᠨ ᠤ ᠠᠵᠢᠯ ᠤᠨ ᠶᠡᠷᠦᠩᠬᠡᠢ ᠬᠥᠲᠥᠯᠪᠦᠷᠢ ᠮᠥᠨ ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠤᠨ ᠢᠯᠡᠳᠬᠡᠯ ᠪᠣᠯ ᠨᠢᠭᠡ ᠭᠠᠵᠠᠷ ᠣᠷᠣᠨ ᠤ ᠬᠠᠮᠤᠭ ᠤᠨ ᠴᠢᠬᠤᠯᠠ ᠣᠨ ᠤ ᠲᠥᠯᠥᠪᠯᠡᠭᠡ ᠮᠥᠨ᠃ ᠮᠡᠳᠡᠭᠦᠯᠦᠯᠲᠡ ᠶᠢ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠰᠠᠨᠠᠯ ᠰᠠᠨᠠᠭᠤᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠨᠠᠷᠢᠨ ᠨᠢᠮᠪᠠᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠢᠨ ᠮᠡᠳᠡᠭᠦᠯᠦᠯᠲᠡ ᠶᠢᠨ ᠠᠭᠤᠯᠭ᠎ᠠ ᠲᠠᠢ ᠪᠠᠨ ᠤᠶᠠᠯᠳᠤᠭᠤᠯᠵᠤ ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠲᠥᠯᠥᠪᠵᠢᠭᠦᠯᠵᠦ ᠂ ᠭᠤᠣᠯᠳᠠᠯᠭ᠎ᠠ ᠲᠠᠢ ᠠᠵᠢᠯ ᠢ ᠡᠷᠲᠡ ᠪᠣᠳᠣᠯᠬᠢᠯᠠᠬᠤ ᠂ ᠴᠢᠬᠤᠯᠠ ᠶᠡᠭᠡ ᠲᠦᠷᠦᠯ ᠵᠦᠢᠯ ᠢ ᠡᠷᠲᠡ ᠪᠠᠶᠢᠷᠢᠰᠢᠭᠤᠯᠬᠤ ᠂ ᠴᠢᠬᠤᠯᠠ ᠡᠭᠦᠷᠭᠡ ᠶᠢ ᠡᠷᠲᠡ ᠡᠬᠢᠯᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠭᠤᠣᠯ ᠰᠡᠳᠦᠪᠲᠦ ᠬᠥᠮᠦᠵᠢᠯ ᠢ ᠡᠯ᠎ᠡ ᠲᠠᠯ᠎ᠠ ᠶᠢᠨ ᠠᠵᠢᠯ ᠲᠠᠢ ᠤᠶᠠᠯᠳᠤᠭᠤᠯᠵᠤ ᠂ ᠬᠤᠶᠠᠷ ᠲᠠᠯ᠎ᠠ ᠶᠢ ᠠᠳᠬᠤᠵᠤ ᠂ ᠬᠤᠶᠠᠷ ᠢ ᠰᠠᠭᠠᠲᠠᠭᠠᠬᠤ ᠦᠭᠡᠢ ᠪᠠᠶᠢᠵᠤ᠂ ᠬᠤᠶᠠᠷ ᠢ ᠠᠬᠢᠭᠤᠯᠬᠤ ᠬᠡᠷᠡᠭᠲᠡᠢ ᠃ ᠪᠠᠶᠢᠴᠠᠭᠠᠨ ᠰᠤᠳᠤᠯᠤᠯᠲᠠ ᠶᠢ ᠠᠵᠢᠯ ᠢᠶᠠᠨ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠶᠢ ᠲᠤᠰᠬᠠᠶᠢᠯᠠᠨ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢᠨ ︽ᠰᠡᠭᠦᠯᠴᠢ ᠶᠢᠨ ᠬᠠᠭᠠᠰ ᠵᠣᠬᠢᠶᠠᠯ︾᠎ ᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠢᠯᠡᠷᠡᠭᠦᠯᠦᠭᠰᠡᠨ ᠠᠰᠠᠭᠤᠳᠠᠯ ᠂ ᠳᠤᠷᠠᠳᠤᠭᠰᠠᠨ ᠰᠠᠨᠠᠭᠤᠯᠭ᠎ᠠ ᠶᠢ ᠡᠴᠦᠰ ᠲᠤᠨᠢ ᠲᠤᠯᠲᠠᠯ᠎ᠠ ᠠᠩᠬᠠᠷᠴᠤ ᠨᠠᠶᠢᠳᠠᠪᠤᠷᠢᠵᠢᠭᠤᠯᠬᠤ ᠶᠢ ᠰᠠᠶᠢᠲᠤᠷ  ᠠᠳᠬᠤᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢ ᠢᠮᠠᠭᠲᠠ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠡᠬᠢᠯᠡᠯᠲᠡ ᠶᠢᠨ ᠴᠡᠭ ᠪᠠ ᠦᠷ᠎ᠡ ᠳ᠋ᠦᠩ ᠪᠣᠯᠭᠠᠵᠤ ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠂ ᠲᠡᠷᠡ ᠶᠣᠰᠣᠭᠠᠷ ᠎ ᠨᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠵᠤ ᠂ ᠨᠢᠭᠡ ᠪᠦᠯᠦᠭ ᠲᠦᠷᠦᠯ ᠵᠦᠢᠯ ᠢ ᠲᠥᠯᠥᠪᠵᠢᠭᠦᠯᠵᠦ ᠂ ᠵᠣᠯᠭᠠᠭᠤᠯᠵᠤ ᠪᠠᠶᠢᠭᠠᠳ ᠲᠦᠷᠦ ᠶᠢᠨ ᠪᠣᠳᠣᠯᠭ᠎ᠠ ᠶᠢᠨ ᠪᠡᠯᠡ ᠮᠥᠩᠭᠦ ᠶᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠵᠤ ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠵᠦ ᠪᠣᠯᠬᠤ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠬᠤ ᠬᠡᠷᠡᠭᠲᠡᠢ ᠃ ︽ ᠬᠤᠶᠠᠷ ᠶᠡᠭᠡ ᠶᠠᠪᠤᠳᠠᠯ ︾ ᠎ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠲᠦᠷᠭᠡᠨ ᠠᠬᠢᠭᠤᠯᠵᠤ ᠂ ᠪᠦᠬᠦ ᠬᠦᠴᠦᠨ ᠢᠶᠠᠷ ᠢᠶᠠᠨ ᠳᠠᠯᠳᠠ ᠬᠦᠴᠦᠨ ᠢ ᠠᠭᠤᠳᠠᠯᠤᠨ ᠣᠷᠣᠯᠭ᠎ᠠ ᠪᠠᠨ ᠨᠡᠮᠡᠭᠳᠡᠭᠦᠯᠵᠦ ᠂ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠵᠢᠯ ᠤᠨ ᠡᠴᠦᠰ ᠵᠢᠯ ᠤᠨ ᠡᠬᠢ ᠪᠠᠷ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠎ ᠬᠢᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠂ ᠪᠠᠷᠢᠯᠭ᠎ᠠ ᠶᠢᠨ ᠠᠵᠢᠯ ᠂ ᠰᠢᠲᠠᠮᠠᠬᠠᠢ ᠬᠡᠢ ᠂ ᠬᠤᠸᠠᠷ ᠫᠤᠤᠵᠢᠩ ᠂ ᠫᠤᠤᠵᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ ᠃ ᠠᠶᠤᠯ ᠲᠠᠢ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠢ ᠴᠡᠭᠴᠡᠯᠡᠨ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ ᠂ ᠬᠢᠨᠠᠨ ᠬᠠᠮᠢᠶᠠᠷᠬᠤ ᠬᠦᠴᠦᠨ ᠢᠶᠠᠨ ᠴᠢᠩᠭᠠᠳᠬᠠᠵᠤ ᠂ ᠥᠨᠳᠥᠷ ᠳᠠᠷᠤᠯᠲᠠ ᠲᠠᠢ ᠪᠠᠶᠢᠳᠠᠯ ᠢ ᠪᠠᠲᠤᠯᠠᠵᠤ ᠂ ᠠᠶᠤᠯ ᠲᠠᠢ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠂ ᠭᠠᠯ ᠤᠨᠲᠠᠷᠠᠭᠠᠬᠤ ᠪᠣᠯᠪᠠᠰᠤᠷᠠᠯ ᠢ ᠦᠨᠡᠨᠬᠦ ᠴᠢᠩᠭᠠᠳᠬᠠᠵᠤ ᠂ ᠴᠢᠬᠤᠯᠠ ᠶᠡᠭᠡ ᠪᠠᠶᠠᠷ ᠤᠨ ᠡᠳᠦᠷ ᠤᠨ ᠠᠵᠢᠯᠯᠠᠭ᠎ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠂ ᠤᠯᠠᠨ ᠲᠦᠮᠡᠨ ᠤ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠴᠡᠭᠡ ᠪᠣᠯᠣᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1