ᠮᠣᠬᠤᠷ ᠭᠤᠣᠯ ᠪᠠᠯᠭᠠᠰᠤ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/12/6
    ᠵᠢᠯ ᠤᠨ ᠡᠬᠢᠨ ᠠᠴᠠ ᠨᠠᠭᠠᠰᠢ᠂ ᠮᠣᠬᠤᠷ ᠭᠤᠣᠯ ᠪᠠᠯᠭᠠᠰᠤ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠤ ᠂ ᠭᠡᠷ ᠲᠤ ᠪᠠᠨ ᠰᠠᠭᠤᠬᠤ ᠳᠤ ᠨᠠᠰᠤᠵᠢᠯᠲᠠ ᠳᠤ ᠲᠣᠬᠢᠷᠠᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠂ ᠨᠠᠰᠤᠲᠠᠶᠢᠴᠤᠳ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠣᠯᠣᠨ ᠭᠡᠷ ᠲᠡᠭᠡᠨ ᠰᠠᠭᠤᠬᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠨᠠᠰᠤᠲᠠᠶᠢᠴᠤᠳ ᠲᠤ ᠦᠨᠡᠨ ᠪᠣᠳᠠᠲᠠᠢ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠲᠡᠭᠡᠵᠡᠢ ᠃    ᠡᠷᠦᠬᠡ ᠳᠤ ᠣᠷᠤᠵᠤ ᠦᠨᠡᠯᠡᠨ ᠵᠢᠱᠢᠬᠦ ᠶᠠᠪᠤᠴᠠ ᠳᠤ᠂ ᠠᠵᠢᠯᠲᠠᠳ ᠨᠠᠰᠤᠲᠠᠶᠢᠴᠤᠳ ᠲᠤ ᠢᠨᠵᠧᠨᠧᠷᠢᠩ ᠤᠨ ᠥᠭᠡᠷᠡᠴᠢᠯᠡᠯᠲᠡ ᠪᠠ ᠲᠤᠰᠠᠯᠠᠬᠤ ᠪᠠᠭᠠᠵᠢ ᠬᠡᠷᠡᠭᠰᠡᠯ ᠤᠨ ᠥᠭᠡᠷᠡᠴᠢᠯᠡᠯᠲᠡ ᠶᠢᠨ ᠠᠭᠤᠯᠭ᠎ᠠ ᠶᠢ ᠨᠠᠷᠢᠨ ᠲᠠᠨᠢᠯᠴᠠᠭᠤᠯᠵᠤ ᠂ ᠡᠷᠦᠬᠡ ᠪᠦᠷᠢ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠲᠡᠳᠡᠨ ᠳᠤ ᠣᠳᠤᠭ᠎ᠠ ᠮᠠᠨᠠᠨ ᠤ ᠲᠦᠭᠰᠢᠭᠦᠷᠢ ᠮᠡᠳᠡᠭᠡᠯᠡᠬᠦ ᠪᠠᠭᠠᠵᠢ᠂ ᠣᠷᠣᠨ ᠪᠠᠶᠢᠷᠢ ᠲᠣᠭᠲᠠᠭᠠᠵᠤ ᠲᠥᠭᠡᠷᠢᠬᠦ ᠶᠢ ᠰᠡᠷᠭᠡᠶᠢᠯᠡᠬᠦ ᠲᠥᠬᠦᠭᠡᠷᠦᠮᠵᠢ᠂ ᠤᠬᠢᠶᠠᠯᠭ᠎ᠠ ᠶᠢᠨ ᠰᠠᠨᠳᠠᠯᠢ᠂ ᠣᠶᠤᠨᠲᠤ ᠲᠠᠶᠠᠭ᠂ ᠵᠣᠷᠯᠣᠩ ᠎ ᠳᠤ  ᠣᠷᠤᠬᠤ ᠳᠤ  ᠭᠠᠷ ᠢᠶᠠᠷ  ᠲᠥᠰᠢᠬᠦ ᠲᠤᠰᠠᠯᠠᠬᠤ ᠪᠠᠭᠠᠵᠢ ᠵᠡᠷᠭᠡ ᠶᠢ ᠲᠣᠬᠢᠷᠠᠭᠤᠯᠤᠨ ᠥᠭᠴᠦ᠂ ᠤᠨᠲᠠᠬᠤ ᠥᠷᠥᠭᠡ ᠵᠢᠴᠢ ᠲᠣᠭᠤᠭᠠᠨ ᠭᠡᠷ ᠤᠨ ᠭᠠᠵᠠᠷ ᠤᠨ ᠭᠠᠳᠠᠷᠭᠤ ᠶᠢ ᠎ ᠨᠢ ᠥᠭᠡᠷᠡᠴᠢᠯᠡᠵᠦ ᠥᠭᠪᠡ᠃ ᠥᠭᠡᠷᠡᠴᠢᠯᠡᠯᠲᠡ ᠶᠢ ᠪᠣᠴᠠᠨ ᠰᠤᠷᠪᠤᠯᠵᠢᠯᠠᠬᠤ ᠶᠠᠪᠤᠴᠠ ᠳᠤ᠂ ᠠᠵᠢᠯᠲᠠᠳ ᠲᠣᠨᠤᠭ ᠲᠥᠬᠦᠭᠡᠷᠦᠮᠵᠢ ᠶᠢᠨ ᠴᠢᠳᠠᠮᠵᠢ ᠪᠠ ᠬᠡᠷᠡᠭᠯᠡᠬᠦ ᠠᠷᠭ᠎ᠠ ᠶᠢ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠵᠤ᠂ ᠨᠠᠰᠤᠲᠠᠨ ᠤ ᠳᠤᠷᠠᠳᠤᠭᠰᠠᠨ ᠠᠰᠠᠭᠤᠯᠲᠠ ᠶᠢ ᠬᠠᠷᠢᠭᠤᠯᠵᠤ ᠥᠭᠴᠡᠢ᠃    ᠣᠲᠣ ᠪᠣᠯᠲᠠᠯ᠎ᠠ᠂ ᠲᠣᠰ ᠪᠠᠯᠭᠠᠰᠤᠨ ᠤ ᠬᠢᠨ 129 ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠠᠵᠢᠯ ᠢ ᠪᠡᠶᠡᠯᠡᠭᠦᠯᠦᠭᠰᠡᠨ ᠪᠠᠶᠢᠨ᠎ᠠ ᠃ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠬᠦ ᠪᠠᠷ ᠳᠠᠮᠵᠢᠭᠤᠯᠤᠨ᠂ ᠮᠣᠬᠤᠷ ᠭᠤᠣᠯ ᠪᠠᠯᠭᠠᠰᠤᠨ ᠤ ᠬᠦᠴᠢᠷᠳᠡᠯᠲᠡᠢ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠢ ᠥᠪᠡᠷ ᠤᠨ ᠲᠠᠨᠢᠯ ᠳᠠᠰᠤᠯ ᠣᠷᠴᠢᠨ ᠲᠣᠭᠤᠷᠢᠨ ᠳᠠᠭᠠᠨ ᠥᠲᠡᠯᠦᠭᠡ ᠨᠠᠰᠤ ᠪᠠᠨ ᠠᠮᠤᠷ ᠲᠦᠪᠰᠢᠨ᠂ ᠲᠠᠭᠠᠯᠠᠮᠵᠢᠲᠠᠢ ᠥᠩᠭᠡᠷᠡᠭᠡᠯᠭᠡᠵᠦ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1