ᠼᠤᠤ ᡁᠢ ᠶᠦᠩ ᠪᠦᠯᠬᠦᠮ ᠳᠠᠭᠠᠭᠤᠯᠤᠨ ᠲᠢᠶᠠᠨᠵᠢᠨ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/6
    11 ᠰᠠᠷ᠎ᠠ ᠶᠢᠨ 30 ᠎ ᠤ ᠡᠳᠦᠷ ᠠᠴᠠ 12 ᠰᠠᠷ᠎ᠠ ᠶᠢᠨ 1᠎ ᠤ ᠡᠳᠦᠷ ᠪᠣᠯᠲᠠᠯ᠎ᠠ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠪᠦᠯᠬᠦᠮ ᠳᠠᠭᠠᠭᠤᠯᠤᠨ ᠲᠢᠶᠠᠨᠵᠢᠨ ᠤ ᠿᠥᠩ ᠴᠧᠩ ᠪᠦᠯᠦᠭᠯᠡᠯ ᠳᠤ ᠬᠦᠷᠴᠦ ᠂ ᠬᠤᠶᠠᠷ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠵᠣᠯᠭᠠᠭᠤᠯᠬᠤ ᠵᠥᠪᠳᠡᠯᠴᠡᠭᠡ ᠥᠷᠨᠢᠭᠦᠯᠵᠡᠢ ᠃
1_副本.jpg
       ᠵᠣᠯᠭᠠᠭᠤᠯᠬᠤ ᠶᠠᠷᠢᠯᠴᠠᠬᠤ ᠬᠤᠷᠠᠯ ᠳᠡᠭᠡᠷ᠎ᠡ ᠂ ᠼᠤᠤ ᡁᠢ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠠᠵᠤ ᠠᠬᠤᠶᠢᠯᠠᠯ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠂ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ ᠂ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠲᠥᠪᠯᠡᠷᠡᠩᠭᠦᠢ ᠠᠰᠠᠭᠤᠳᠠᠯ ᠤᠨ ᠲᠤᠬᠠᠢ ᠦᠵᠡᠯᠲᠡ ᠪᠣᠳᠤᠯ  ᠢᠶᠠᠨ ᠭᠦᠢᠴᠡᠳ ᠰᠣᠯᠢᠯᠴᠠᠵᠠᠢ ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠂ ᠬᠠᠮᠲᠤᠷᠠᠯᠴᠠᠭᠠᠨ ᠤ ᠬᠠᠷᠢᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ ᠂ ᠬᠠᠮᠲᠤ ᠪᠠᠷ ᠠᠵᠤ ᠠᠬᠤᠶᠢᠯᠠᠯ ᠤᠨ ᠳᠡᠭᠡᠳᠦ ᠲᠡᠰ ᠤᠨ ᠂ ᠣᠶᠤᠨᠴᠢᠯᠠᠭᠰᠠᠨ ᠂ ᠪᠣᠬᠢᠷᠲᠤᠯ ᠦᠭᠡᠢ ᠂ ᠠᠭᠤᠰᠤᠯᠴᠠᠭᠰᠠᠨ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠲᠤᠬᠠᠢ ᠬᠠᠮᠲᠤ ᠶᠢᠨ ᠲᠠᠨᠢᠯᠲᠠ ᠲᠠᠢ ᠪᠣᠯᠵᠠᠢ ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠰᠢᠨᠵᠢᠯᠡᠨ ᠪᠠᠶᠢᠴᠠᠭᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1