ᠵᠠᠩ ᡁᠢ ᠸᠧᠢ ᠪᠥᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/12/6
    12 ᠰᠠᠷ᠎ᠠ ᠶᠢᠨ 4᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠪᠦᠯᠬᠦᠮ ᠳᠠᠭᠠᠭᠤᠯᠤᠨ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃
1_副本.jpg
       ᠶᠤᠸᠠᠨ ᠪᠦᠦ ᠱᠠᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠂ ᠵᠠᠩ ᡁᠢ ᠸᠧᠢ ᠪᠠᠷᠢᠯᠭ᠎ᠠ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠂ ᠬᠤᠭᠤᠯᠠᠨ ᠭᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠢᠳᠡᠭᠡᠨ ᠤ ᠮᠠᠲ᠋ᠧᠷᠢᠶᠠᠯ ᠣᠷᠣᠭᠤᠯᠵᠤ ᠬᠤᠳᠠᠯᠳᠤᠨ ᠠᠪᠬᠤ ᠂ ᠭᠠᠯ ᠢ ᠰᠡᠷᠭᠡᠶᠢᠯᠡᠬᠦ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠯᠠᠪᠯᠠᠨ ᠠᠰᠠᠭᠤᠪᠠ ᠃ ᠲᠡᠷᠡ ᠴᠢᠬᠤᠯᠠᠴᠢᠯᠠᠭᠰᠠᠨ ᠨᠢ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠠᠮᠤᠷ ᠲᠠᠶᠢᠪᠤᠩ ᠪᠣᠯᠣᠨ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠣᠨ ᠰᠤᠷᠭᠠᠭᠤᠯᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠲᠠᠯᠠᠪᠠᠢ ᠣᠷᠳᠣᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠬᠤ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠠᠮᠢᠶᠠᠷᠤᠯᠲᠠ ᠶᠢ ᠴᠢᠩᠭᠠᠳᠬᠠᠵᠤ ᠂ ᠢᠯᠠᠩᠭᠤᠶ᠎ᠠ ᠣᠨᠴᠠᠭᠠᠢ ᠴᠠᠭ ᠠᠭᠤᠷ ᠵᠡᠷᠭᠡ ᠪᠠᠶᠢᠳᠠᠯ ᠳᠤ ᠴᠢᠭᠯᠡᠭᠦᠯᠦᠨ ᠂ ᠨᠡᠭᠡᠭᠡᠬᠦ ᠳᠤ ᠲᠣᠬᠢᠷᠠᠮᠵᠢ ᠦᠭᠡᠢ ᠲᠠᠯᠠᠪᠠᠢ ᠣᠷᠳᠣᠨ ᠢ ᠴᠠᠭ ᠲᠤᠬᠠᠢ ᠳᠤᠨᠢ ᠬᠠᠭᠠᠬᠤ ᠬᠡᠷᠡᠭᠲᠡᠢ ᠃ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠂ ᠢᠳᠡᠭᠡᠨ ᠡᠳ᠋ᠰᠢᠭᠦᠯᠬᠦ ᠵᠡᠷᠭᠡ ᠴᠢᠬᠤᠯᠠ ᠪᠣᠭᠤᠮᠲᠠ ᠶᠢ ᠴᠢᠩᠭ᠎ᠠ ᠠᠳᠬᠤᠵᠤ ᠂ ᠪᠠᠭᠰᠢ ᠰᠤᠷᠤᠭᠴᠢᠳ ᠤᠨ ︽ ᠢᠳᠡᠭᠡᠨ ᠤᠮᠳᠠᠭᠠᠨ ᠤ ᠠᠮᠤᠷ ᠲᠦᠪᠰᠢᠨ ︾᠎ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃    ᠶᠤᠸᠠᠨ ᠪᠦᠦ ᠱᠠᠨ ᠲᠣᠭᠤᠷᠢᠭ ᠤᠨ ᠵᠢᠷᠭᠤᠳᠤᠭᠠᠷ ᠬᠡᠦᠬᠡᠳ ᠤᠨ ᠴᠡᠴᠡᠷᠯᠢᠭ ᠲᠤ ᠂ ᠵᠠᠩ ᡁᠢ ᠸᠧᠢ ᠬᠡᠦᠬᠡᠳ ᠤᠨ ᠴᠡᠴᠡᠷᠯᠢᠭ ᠤᠨ ᠠᠩᠭᠢ ᠶᠢᠨ ᠬᠢᠴᠢᠶᠡᠯ ᠤᠨ ᠭᠡᠷ ᠂ ᠬᠥᠳᠡᠯᠭᠡᠭᠡᠨ ᠤ ᠦᠷᠦᠭᠡ ᠂ ᠬᠤᠭᠤᠯᠠᠨ ᠭᠡᠷ ᠵᠡᠷᠭᠡ ᠲᠠᠯᠠᠪᠤᠷ ᠤᠨ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ ᠃ ᠲᠡᠷᠡ ᠴᠢᠬᠤᠯᠠᠴᠢᠯᠠᠭᠰᠠᠨ ᠨᠢ ᠂ ᠬᠡᠦᠬᠡᠳ ᠤᠨ ᠴᠡᠴᠡᠷᠯᠢᠭ ᠤᠨ ᠬᠢᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠴᠢᠩᠭᠠᠳᠬᠠᠵᠤ ᠂ ᠭᠠᠯ ᠎ ᠢ ᠰᠡᠷᠭᠡᠶᠢᠯᠡᠬᠦ ᠂ ᠴᠠᠬᠢᠯᠭᠠᠨ ᠬᠡᠷᠡᠭᠯᠡᠬᠦ ᠂ ᠤᠰᠤᠨ ᠳᠤ ᠵᠢᠪᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠥᠮᠦᠵᠢᠯ ᠢ ᠥᠷᠨᠢᠭᠦᠯᠵᠦ ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ ᠂ ᠠᠮᠤᠷ ᠲᠦᠪᠰᠢᠨ ᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠬᠤᠭᠤᠯᠠᠨ ᠭᠡᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ ᠂ ᠬᠤᠭᠤᠯᠠᠨ ᠭᠡᠷ ᠤᠨ ᠠᠵᠢᠯᠲᠠᠨ ᠤ ᠠᠮᠤᠷ ᠲᠦᠪᠰᠢᠨ ᠢᠶᠠᠷ ᠠᠵᠢᠯᠯᠠᠬᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠴᠤᠪᠤᠷᠠᠯ ᠢ ᠵᠢᠷᠤᠮᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠡᠦᠬᠡᠳ ᠤᠨ ᠠᠮᠤᠷ ᠲᠦᠪᠰᠢᠨ ᠤ ᠰᠡᠬᠡᠭᠡᠷᠡᠭᠦᠯᠬᠦ ᠬᠥᠮᠦᠵᠢᠯ ᠢ ᠴᠢᠩᠭᠠᠳᠬᠠᠵᠤ ᠂ ᠭᠡᠷ ᠤᠨ ᠠᠬᠠᠮᠠᠳ ᠪᠠ ᠰᠤᠷᠭᠠᠭᠤᠯᠢ ᠬᠠᠮᠲᠤᠷᠠᠨ ᠬᠡᠦᠬᠡᠳ ᠤᠨ ᠠᠮᠤᠷ ᠲᠦᠪᠰᠢᠨ ᠤ ᠤᠬᠠᠮᠰᠠᠷ ᠢ ᠬᠠᠮᠲᠤᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃    ᠶᠤᠸᠠᠨ ᠪᠦᠦ ᠱᠠᠨ ᠲᠣᠭᠤᠷᠢᠭ ᠤᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ ᠂ ᠵᠠᠩ ᡁᠢ ᠸᠧᠢ ᠭᠠᠯ ᠤᠨᠲᠠᠷᠠᠭᠠᠬᠤ ᠲᠥᠬᠦᠭᠡᠷᠦᠮᠵᠢ ᠂ ᠴᠠᠬᠢᠯᠭᠠᠨ ᠬᠡᠷᠡᠭᠯᠡᠬᠦ ᠱᠤᠭᠤᠮ ᠂ ᠢᠳᠡᠭᠡᠨ ᠤ ᠠᠮᠤᠷ ᠲᠦᠪᠰᠢᠨ ᠵᠡᠷᠭᠡ ᠠᠵᠢᠯ ᠢ ᠭᠤᠣᠯᠳᠠᠯᠭ᠎ᠠ ᠲᠠᠢ ᠪᠠᠶᠢᠴᠠᠭᠠᠪᠠ ᠃ ᠲᠡᠷᠡ ᠱᠠᠭᠠᠷᠳᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠎ ᠬᠢᠨ ᠳᠣᠲᠣᠭᠠᠳᠤ ᠶᠢᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ ᠂ ᠨᠠᠰᠤᠲᠠᠶᠢᠴᠤᠳ ᠵᠡᠷᠭᠡ ᠪᠠᠭᠤᠷᠠᠶᠢᠴᠤᠤᠯ ᠢ ᠬᠠᠷᠠᠵᠤ ᠰᠤᠪᠢᠯᠠᠬᠤ ᠠᠵᠢᠯ ᠢ ᠰᠠᠶᠢᠲᠤᠷ ᠬᠢᠵᠦ ᠂ ᠭᠠᠯ ᠤᠨ ᠢᠷᠡᠯᠲᠡ ᠶᠢ ᠴᠢᠩᠭ᠎ᠠ ᠬᠠᠮᠢᠶᠠᠷᠤᠨ ᠡᠵᠡᠮᠳᠡᠵᠦ ᠂ ᠭᠠᠯ ᠬᠡᠷᠡᠭᠯᠡᠬᠦ ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠢ᠃ ᠨᠠᠰᠤᠲᠠᠶᠢᠴᠤᠳ ᠲᠤ ᠦᠢᠯᠡᠴᠢᠯᠡᠬᠦ ᠠᠵᠢᠯ ᠢ ᠰᠡᠳᠬᠢᠯ ᠲᠠᠯᠪᠢᠨ ᠰᠠᠨᠠᠭᠠᠨ ᠠᠴᠠ ᠪᠠᠨ ᠰᠠᠶᠢᠲᠤᠷ ᠬᠢᠵᠦ ᠂ ᠬᠤᠭᠤᠯᠠ ᠤᠮᠳᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠰᠤᠲᠠᠶᠢᠴᠤᠳ ᠤᠨ ᠠᠮᠤᠷ ᠲᠦᠪᠰᠢᠨ ᠂ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ ᠃ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠠᠳᠡᠯ ᠭᠠᠷᠪᠠᠯ ᠳᠠᠷᠤᠢ ᠲᠦᠷᠭᠡᠨ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    ᠤᠯᠠᠭᠠᠨᠬᠠᠳᠠ ᠶᠢᠨ ᠪᠣᠥ ᠱᠠᠨ ᠡᠮᠨᠡᠯᠭᠡ ᠶᠢᠨ ᠬᠤᠷᠢᠶᠠᠨ ᠳᠤ ᠂ ᠵᠠᠩ ᡁᠢ ᠸᠧᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠬᠤᠢ ᠲᠠᠯᠠᠪᠤᠷ ᠲᠤ ᠭᠠᠯ ᠤᠨᠲᠠᠷᠠᠭᠠᠬᠤ ᠡᠵᠡᠮᠳᠡᠯ ᠤᠨ ᠲᠥᠬᠦᠭᠡᠷᠦᠮᠵᠢ ᠪᠣᠯᠣᠨ ᠡᠯ᠎ᠡ ᠳᠠᠪᠬᠤᠷᠭ᠎ᠠ ᠶᠢᠨ ᠭᠠᠷ ᠢᠶᠠᠷ ᠬᠥᠳᠡᠯᠭᠡᠬᠦ ᠭᠠᠯ ᠤᠨ ᠠᠶᠤᠯ ᠤᠨ ᠰᠡᠷᠡᠮᠵᠢ ᠶᠢᠨ ᠳᠣᠬᠢᠶ᠎ᠠ ᠶᠢᠨ ᠳᠠᠷᠤᠪᠴᠢ ᠳᠤ ᠬᠤᠯᠪᠤᠭᠠᠯᠠᠨ ᠬᠥᠳᠡᠯᠦᠯᠴᠡᠭᠰᠡᠨ ᠲᠤᠷᠰᠢᠯᠲᠠ ᠬᠢᠵᠡᠢ ᠃ ᠲᠡᠷᠡ ᠴᠢᠬᠤᠯᠠᠴᠢᠯᠠᠭᠰᠠᠨ ᠨᠢ᠂ ᠡᠮᠨᠡᠯᠭᠡ ᠶᠢᠨ ᠬᠤᠷᠢᠶ᠎ᠠ ᠪᠣᠯ ᠬᠥᠮᠥᠨ ᠣᠯᠠᠨ ᠴᠤᠭᠯᠠᠷᠠᠳᠠᠭ ᠭᠠᠵᠠᠷ ᠮᠥᠨ ᠪᠣᠯᠬᠤᠷ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠶᠢ ᠲᠣᠳᠣᠷᠬᠠᠢ ᠪᠣᠯᠭᠠᠵᠤ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢᠨ ᠵᠡᠷᠭᠡ ᠳᠤ ᠡᠮᠨᠡᠯᠭᠡ ᠶᠢᠨ ᠬᠤᠷᠢᠶᠠᠨ ᠤ ᠲᠤᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠲᠠᠷᠬᠠᠭᠠᠬᠤ ᠰᠣᠷᠢᠯᠲᠠ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠬᠦ ᠬᠡᠷᠡᠭᠲᠡᠢ ᠭᠡᠵᠡᠢ᠃   ᠎ ᠶᠢᠨ ᠿᠥᠨ ᠰᠢᠩᠭᠡᠨᠵᠢᠮᠡᠯ ᠬᠡᠢ ᠶᠢᠨ ᠬᠢᠵᠠᠭᠠᠷᠲᠤ ᠺᠣᠮᠫᠠᠨᠢ ᠳᠤ ᠂ ᠵᠠᠩ ᡁᠢ ᠸᠧᠢ ᠰᠢᠩᠭᠡᠨᠵᠢᠮᠡᠯ ᠬᠡᠢ ᠶᠢᠨ ᠬᠠᠳᠠᠭᠠᠯᠠᠮᠵᠢ ᠶᠢᠨ ᠬᠡᠮᠵᠢᠶ᠎ᠡ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠱᠠᠭᠠᠷᠳᠠᠭᠰᠠᠨ ᠨᠢ᠂ ᠠᠵᠤ ᠠᠬᠤᠶᠢᠯᠠᠯ ᠤᠳ ᠪᠡᠶᠡᠴᠢ ᠴᠣᠭᠴᠠ ᠎ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠬᠡᠢ ᠶᠢᠨ ᠰᠠᠪᠠᠨ ᠳᠤ ᠮᠥᠷᠳᠡᠨ ᠨᠡᠬᠡᠮᠵᠢᠯᠡᠬᠦ ᠬᠠᠮᠢᠶᠠᠷᠤᠯᠲᠠ ᠶᠠᠪᠤᠭᠤᠯᠵᠤ᠂ ᠬᠡᠢ ᠶᠢᠨ ᠰᠠᠪᠠᠨ ᠤ ᠬᠠᠩᠭᠠᠯᠭ᠎ᠠ ᠪᠠ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ︽ ᠬᠥᠮᠥᠨ ᠤ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ ︾᠎ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠡᠢ ᠶᠢᠨ ᠰᠠᠪᠠ ᠶᠢ ᠳᠦᠭᠦᠷᠭᠡᠨ ᠤᠭᠰᠠᠷᠠᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠡᠵᠡᠩᠨᠡᠬᠦ᠂ ᠬᠡᠷᠡᠭᠯᠡᠬᠦ ᠵᠡᠷᠭᠡ ᠡᠯ᠎ᠡ ᠭᠤᠭᠴᠣᠭᠠᠨ ᠳᠠᠬᠢ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠢᠷᠡᠯᠲᠡ ᠶᠢ ᠨᠢ ᠮᠡᠳᠡᠵᠦ ᠪᠣᠯᠬᠤ᠂ ᠶᠠᠪᠤᠬᠤ ᠶᠢ ᠨᠢ ᠮᠥᠷᠳᠡᠵᠦ ᠪᠣᠯᠬᠤ᠂ ᠮᠡᠳᠡᠭᠡ ᠵᠠᠩᠭᠢ ᠶᠢ ᠨᠢ ᠪᠠᠶᠢᠴᠠᠭᠠᠨ ᠯᠠᠪᠯᠠᠵᠤ ᠪᠣᠯᠬᠤ ᠂ ᠬᠠᠷᠢᠭᠤᠴᠠᠯᠭ᠎ᠠ ᠶᠢ ᠨᠢ ᠬᠤᠪᠢᠶᠠᠷᠢᠯᠠᠵᠤ ᠪᠣᠯᠬᠤ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠪᠠ ᠲᠣᠰ ᠱᠠᠲᠤᠨ ᠤ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ ᠵᠥᠢᠴᠢᠯᠡᠨ ᠨᠦᠬᠦᠭᠡ ᠶᠢ ᠮᠡᠳᠡᠵᠦ᠂ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ ᠃    ᠪᠠᠶᠢᠴᠠᠭᠠᠬᠤ ᠶᠠᠪᠤᠴᠠ ᠳᠤ᠂ ᠵᠠᠩ ᡁᠢ ᠸᠧᠢ ᠱᠠᠭᠠᠷᠳᠠᠭᠰᠠᠨ ᠨᠢ᠂ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠬᠢᠨ  ᠰᠠᠭᠤᠭᠠᠯᠢ ᠲᠣᠭᠤᠷᠢᠭ ᠂ ᠨᠢᠭᠲᠠ ᠲᠥᠪᠯᠡᠷᠡᠭᠰᠡᠨ ᠲᠠᠯᠠᠪᠤᠷ ᠤᠨ ᠭᠠᠯ ᠤᠨᠲᠠᠷᠠᠭᠠᠬᠤ ᠵᠠᠮ ᠪᠥᠭᠯᠡᠷᠡᠭᠰᠡᠨ ᠠᠴᠠ ᠪᠣᠯᠵᠤ ᠲᠡᠷᠭᠡ ᠬᠥᠰᠬᠡ ᠤᠳᠠᠭᠠᠰᠢᠷᠠᠵᠤ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠲᠡᠷᠭᠡ ᠬᠥᠰᠬᠡ ᠶᠢ ᠰᠢᠨ᠎ᠡ ᠪᠠᠷ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠪᠦᠷᠢᠨ ᠲᠣᠬᠢᠷᠠᠭᠤᠯᠤᠨ᠂ ᠠᠵᠢᠯᠲᠠᠨ ᠤ ᠬᠦᠴᠦᠨ ᠢ ᠲᠡᠭᠦᠯᠳᠡᠷᠵᠢᠭᠦᠯᠵᠦ᠂ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠭᠠᠬᠤ ᠲᠡᠷᠭᠡ ᠬᠥᠰᠬᠡ ᠪᠣᠯᠣᠨ ᠠᠪᠤᠷᠠᠨ ᠲᠤᠰᠠᠯᠠᠬᠤ ᠲᠡᠷᠭᠡ ᠬᠥᠰᠬᠡ ᠶᠢ ᠵᠡᠷᠭᠡᠪᠡᠷ ᠡᠬᠢᠯᠡᠭᠦᠯᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠡᠷᠭᠡ ᠬᠥᠰᠬᠡ ᠪᠣᠯᠣᠨ ᠠᠪᠤᠷᠠᠨ ᠲᠤᠰᠠᠯᠠᠬᠤ ᠬᠥᠮᠥᠰ ᠤᠷᠢᠳᠠᠪᠠᠷ ᠲᠤᠬᠠᠢ ᠶᠢᠨ ᠲᠠᠯᠠᠪᠤᠷ ᠲᠤ ᠬᠦᠷᠴᠦ᠂ ᠡᠯ᠎ᠡ ᠲᠠᠯ᠎ᠠ ᠶᠢᠨ ᠬᠦᠴᠦᠨ ᠢ ᠲᠣᠬᠢᠷᠠᠭᠤᠯᠤᠨ ᠵᠣᠬᠢᠴᠠᠭᠤᠯᠵᠤ᠂ ᠴᠠᠭ ᠮᠥᠴᠡ ᠶᠢ ᠠᠯᠳᠠᠯ ᠦᠭᠡᠢ ᠪᠠᠷ ᠭᠠᠯ ᠤᠨᠲᠠᠷᠠᠭᠠᠬᠤ ᠵᠢᠴᠢ ᠲᠦᠷᠭᠡᠨ ᠠᠪᠤᠷᠠᠵᠤ ᠲᠠᠷᠬᠠᠭᠠᠬᠤ ᠠᠵᠢᠯ ᠢ ᠵᠢᠯᠤᠭᠤᠳᠬᠤ ᠬᠡᠷᠡᠭᠲᠡᠢ᠃ ᠰᠤᠷᠭᠠᠭᠤᠯᠢ ᠶᠢᠨ ᠬᠦᠷᠢᠶ᠎ᠡ ᠂ ᠨᠠᠰᠤᠵᠢᠯ ᠎ ᠤᠨ ᠠᠰᠠᠷᠠᠮᠵᠢ ᠶᠢᠨ ᠪᠠᠶᠢᠭᠤᠯᠤᠮᠵᠢ ᠂ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠤᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠎ ᠤᠨ ᠠᠵᠢᠯ ᠢ ᠰᠠᠶᠢᠲᠤᠷ ᠬᠢᠵᠦ ᠂ ᠪᠠᠶᠢᠴᠠᠭᠠᠬᠤ ᠤᠳᠠᠭ᠎ᠠ ᠪᠣᠯᠣᠨ ᠡᠷᠴᠢᠮ ᠢᠶᠠᠨ ᠨᠡᠮᠡᠭᠳᠡᠭᠦᠯᠦᠨ ᠂ ᠠᠮᠢ ᠵᠢᠭᠤᠲᠠᠵᠤ ᠲᠠᠷᠬᠠᠭᠠᠬᠤ ᠰᠣᠷᠢᠯᠲᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠶᠤᠯ ᠲᠦᠭᠰᠢᠭᠦᠷᠢ ᠶᠢᠨ ᠦᠵᠡᠯ ᠤᠬᠠᠮᠰᠠᠷ ᠂ ᠬᠤᠷᠢᠭ᠎ᠠ ᠱᠤᠭᠤᠮ ᠤᠨ ᠦᠵᠡᠯ ᠤᠬᠠᠮᠰᠠᠷ ᠎ ᠢ ᠦᠨᠡᠨᠬᠦ ᠳᠡᠭᠡᠭᠰᠢᠯᠡᠭᠦᠯᠵᠦ ᠂ ᠪᠥᠬᠦ ᠲᠣᠭᠤᠷᠢᠭ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠳᠠᠯ ᠎ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1