ᠮᠣᠬᠤᠷ ᠭᠤᠣᠯ ᠪᠠᠯᠭᠠᠰᠤ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/12/6
    ᠵᠢᠯ ᠤᠨ ᠡᠬᠢᠨ ᠠᠴᠠ ᠨᠠᠭᠠᠰᠢ᠂ ᠮᠣᠬᠤᠷ ᠭᠤᠣᠯ ᠪᠠᠯᠭᠠᠰᠤ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠤ ᠂ ᠭᠡᠷ ᠲᠤ ᠪᠠᠨ ᠰᠠᠭᠤᠬᠤ ᠳᠤ ᠨᠠᠰᠤᠵᠢᠯᠲᠠ ᠳᠤ ᠲᠣᠬᠢᠷᠠᠬᠤ ᠣᠷᠴᠢᠨ ᠲᠣᠭᠤᠷᠢᠨ ᠢ ᠰᠠᠶᠢᠵᠢᠷᠠᠭᠤᠯᠵᠤ ᠂ ᠨᠠᠰᠤᠲᠠᠶᠢᠴᠤᠳ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠣᠯᠣᠨ ᠭᠡᠷ ᠲᠡᠭᠡᠨ ᠰᠠᠭᠤᠬᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠨᠠᠰᠤᠲᠠᠶᠢᠴᠤᠳ ᠲᠤ ᠦᠨᠡᠨ ᠪᠣᠳᠠᠲᠠᠢ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠲᠡᠭᠡᠵᠡᠢ ᠃    ᠡᠷᠦᠬᠡ ᠳᠤ ᠣᠷᠤᠵᠤ ᠦᠨᠡᠯᠡᠨ ᠵᠢᠱᠢᠬᠦ ᠶᠠᠪᠤᠴᠠ ᠳᠤ᠂ ᠠᠵᠢᠯᠲᠠᠳ ᠨᠠᠰᠤᠲᠠᠶᠢᠴᠤᠳ ᠲᠤ ᠢᠨᠵᠧᠨᠧᠷᠢᠩ ᠤᠨ ᠥᠭᠡᠷᠡᠴᠢᠯᠡᠯᠲᠡ ᠪᠠ ᠲᠤᠰᠠᠯᠠᠬᠤ ᠪᠠᠭᠠᠵᠢ ᠬᠡᠷᠡᠭᠰᠡᠯ ᠤᠨ ᠥᠭᠡᠷᠡᠴᠢᠯᠡᠯᠲᠡ ᠶᠢᠨ ᠠᠭᠤᠯᠭ᠎ᠠ ᠶᠢ ᠨᠠᠷᠢᠨ ᠲᠠᠨᠢᠯᠴᠠᠭᠤᠯᠵᠤ ᠂ ᠡᠷᠦᠬᠡ ᠪᠦᠷᠢ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠲᠡᠳᠡᠨ ᠳᠤ ᠣᠳᠤᠭ᠎ᠠ ᠮᠠᠨᠠᠨ ᠤ ᠲᠦᠭᠰᠢᠭᠦᠷᠢ ᠮᠡᠳᠡᠭᠡᠯᠡᠬᠦ ᠪᠠᠭᠠᠵᠢ᠂ ᠣᠷᠣᠨ ᠪᠠᠶᠢᠷᠢ ᠲᠣᠭᠲᠠᠭᠠᠵᠤ ᠲᠥᠭᠡᠷᠢᠬᠦ ᠶᠢ ᠰᠡᠷᠭᠡᠶᠢᠯᠡᠬᠦ ᠲᠥᠬᠦᠭᠡᠷᠦᠮᠵᠢ᠂ ᠤᠬᠢᠶᠠᠯᠭ᠎ᠠ ᠶᠢᠨ ᠰᠠᠨᠳᠠᠯᠢ᠂ ᠣᠶᠤᠨᠲᠤ ᠲᠠᠶᠠᠭ᠂ ᠵᠣᠷᠯᠣᠩ  ᠳᠤ  ᠣᠷᠤᠬᠤ ᠳᠤ  ᠭᠠᠷ ᠢᠶᠠᠷ  ᠲᠥᠰᠢᠬᠦ ᠲᠤᠰᠠᠯᠠᠬᠤ ᠪᠠᠭᠠᠵᠢ ᠵᠡᠷᠭᠡ ᠶᠢ ᠲᠣᠬᠢᠷᠠᠭᠤᠯᠤᠨ ᠥᠭᠴᠦ᠂ ᠤᠨᠲᠠᠬᠤ ᠥᠷᠥᠭᠡ ᠵᠢᠴᠢ ᠲᠣᠭᠤᠭᠠᠨ ᠭᠡᠷ ᠤᠨ ᠭᠠᠵᠠᠷ ᠤᠨ ᠭᠠᠳᠠᠷᠭᠤ ᠶᠢ  ᠨᠢ ᠥᠭᠡᠷᠡᠴᠢᠯᠡᠵᠦ ᠥᠭᠪᠡ᠃ ᠥᠭᠡᠷᠡᠴᠢᠯᠡᠯᠲᠡ ᠶᠢ ᠪᠣᠴᠠᠨ ᠰᠤᠷᠪᠤᠯᠵᠢᠯᠠᠬᠤ ᠶᠠᠪᠤᠴᠠ ᠳᠤ᠂ ᠠᠵᠢᠯᠲᠠᠳ ᠲᠣᠨᠤᠭ ᠲᠥᠬᠦᠭᠡᠷᠦᠮᠵᠢ ᠶᠢᠨ ᠴᠢᠳᠠᠮᠵᠢ ᠪᠠ ᠬᠡᠷᠡᠭᠯᠡᠬᠦ ᠠᠷᠭ᠎ᠠ ᠶᠢ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠵᠤ᠂ ᠨᠠᠰᠤᠲᠠᠨ ᠤ ᠳᠤᠷᠠᠳᠤᠭᠰᠠᠨ ᠠᠰᠠᠭᠤᠯᠲᠠ ᠶᠢ ᠬᠠᠷᠢᠭᠤᠯᠵᠤ ᠥᠭᠴᠡᠢ᠃    ᠣᠲᠣ ᠪᠣᠯᠲᠠᠯ᠎ᠠ᠂ ᠲᠣᠰ ᠪᠠᠯᠭᠠᠰᠤᠨ ᠤ ᠬᠢᠨ 129 ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠠᠵᠢᠯ ᠢ ᠪᠡᠶᠡᠯᠡᠭᠦᠯᠦᠭᠰᠡᠨ ᠪᠠᠶᠢᠨ᠎ᠠ ᠃ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠥᠷᠨᠢᠭᠦᠯᠬᠦ ᠪᠠᠷ ᠳᠠᠮᠵᠢᠭᠤᠯᠤᠨ᠂ ᠮᠣᠬᠤᠷ ᠭᠤᠣᠯ ᠪᠠᠯᠭᠠᠰᠤᠨ ᠤ ᠬᠦᠴᠢᠷᠳᠡᠯᠲᠡᠢ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠳᠡᠨ ᠢ ᠥᠪᠡᠷ ᠤᠨ ᠲᠠᠨᠢᠯ ᠳᠠᠰᠤᠯ ᠣᠷᠴᠢᠨ ᠲᠣᠭᠤᠷᠢᠨ ᠳᠠᠭᠠᠨ ᠥᠲᠡᠯᠦᠭᠡ ᠨᠠᠰᠤ ᠪᠠᠨ ᠠᠮᠤᠷ ᠲᠦᠪᠰᠢᠨ᠂ ᠲᠠᠭᠠᠯᠠᠮᠵᠢᠲᠠᠢ ᠥᠩᠭᠡᠷᠡᠭᠡᠯᠭᠡᠵᠦ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1