︽ᠤᠯᠠᠭᠠᠨᠬᠠᠳᠠ ᠬᠤᠲᠠ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ | ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ︽ | ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ | ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ | ᠬᠠᠮᠢᠶᠠᠷᠤᠯᠲᠠ ᠶᠢᠨ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ | ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠬᠤ ᠲᠥᠰᠥᠯ ︵ᠲᠤᠷᠰᠢᠨ ᠬᠡᠷᠡᠭᠵᠢᠭᠦᠯᠬᠦ︶︾ ᠤᠨ ᠬᠠᠮᠢᠶ᠎ᠠ | ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | 2022 ᠣᠨ ᠤ 2 ᠰᠠᠷ᠎ᠠ ᠳᠤ᠂ ᠤᠯᠠᠭᠠᠨᠬᠠᠳᠠ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠢᠶᠠᠷ | ᠲᠦᠷᠦᠭᠦᠯᠡᠭᠦᠯᠦᠨ᠂ ︽ᠤᠯᠠᠭᠠᠨᠬᠠᠳᠠ ᠬᠤᠲᠠ ᠶᠢᠨ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠲᠥᠰᠥᠯ︾ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠡᠬᠡ ᠨᠣᠣᠷᠠᠭ ᠢᠶᠠᠨ ᠪᠢᠴᠢᠵᠦ | ᠳᠠᠭᠤᠰᠬᠠᠭᠰᠠᠨ ᠤ ᠳᠠᠷᠠᠭ᠎ᠠ᠂ 12 ᠬᠤᠰᠢᠭᠤ ᠰᠢᠶᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠰᠠᠨᠠᠯ ᠢ ᠬᠤᠷᠢᠶᠠᠵᠤ ᠬᠤᠷᠢᠶᠠᠩᠭᠤᠶᠢᠯᠠᠭᠰᠠᠨ ᠤ ᠳᠠᠷᠠᠭ᠎ᠠ᠂ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠬᠦ ᠪᠠᠷ ᠳᠡᠮᠵᠢᠨ᠂ ᠣᠲᠣ ᠶᠢᠨ ︽ᠤᠯᠠᠭᠠᠨᠬᠠᠳᠠ ᠬᠤᠲᠠ ᠶᠢᠨ ᠦᠢᠯᠡᠳᠪᠦᠷᠢᠯᠡᠯ ᠤᠨ ᠠᠶᠤᠯᠭᠦᠢ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠪᠣᠶ ᠪᠣᠯᠭᠠᠪᠠ᠃ 2022 ᠣᠨ ᠤ 8 ᠰᠠᠷ᠎ᠠ ᠳᠤ᠂ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠰᠢᠯᠭᠠᠷᠠᠭᠤᠯᠤᠯᠲᠠ ᠪᠠᠷ ᠳᠡᠮᠵᠢᠨ ᠬᠢᠨᠠᠨ | ᠵᠥᠪᠯᠡᠬᠦ ᠨᠣᠣᠷᠠᠭ ᠢ ᠪᠣᠶ ᠪᠣᠯᠭᠠᠵᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ ᠶᠢ ᠪᠠᠲᠤᠯᠠᠪᠠ᠃ 2022 ᠣᠨ ᠤ 10 ᠰᠠᠷ᠎ᠠ ᠶᠢᠨ 20 ᠤ ᠡᠳᠦᠷ᠂ | ᠬᠤᠳᠠ ᠶᠢᠨ ᠵᠠᠰᠠᠭ ᠤᠨ ᠣᠷᠳᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠪᠠ᠃ | ᠨᠢᠭᠡ᠂ ᠣᠷᠣᠨ ᠲᠣᠭᠠᠨ ᠤ ᠠᠬᠤᠢ ᠪᠠᠶᠢᠳᠠᠯ | 2018 ᠣᠨ ᠳᠤ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠮᠠᠨ ᠤ | ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠡᠰᠡᠭ ᠪᠦᠷᠢᠯᠳᠦᠭᠦᠨ ᠨᠢᠭᠡᠴᠡ ᠶᠢᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠬᠢ ᠳᠤ ᠲᠣᠬᠢᠷᠠᠭᠤᠯᠤᠯᠲᠠ ᠬᠢᠪᠡ᠃ 2019 | ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠨ ᠬᠡᠷᠡᠭᠵᠢᠭᠦᠯᠦᠭᠰᠡᠨ ︽ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠤ ᠵᠠᠰᠠᠪᠤᠷᠢ ᠣᠷᠣᠭᠤᠯᠤᠭᠰᠠᠨ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠳᠤ ᠴᠥᠮ ︽ᠪᠡᠯᠡᠳᠬᠡᠯ | ᠲᠥᠰᠥᠯ︾ ᠢ ᠨᠠᠶᠢᠷᠠᠭᠤᠯᠤᠨ ᠵᠣᠬᠢᠶᠠᠬᠤ ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠠᠷᠭᠠᠴᠠᠬᠤ ᠠᠵᠢᠯ ᠤᠨ ᠳᠤᠮᠳᠠ | ᠡᠭᠦᠷᠭᠡᠯᠡᠪᠡᠰᠦ ᠵᠣᠬᠢᠬᠤ ᠲᠤᠰᠢᠶᠠᠯ ᠬᠠᠷᠢᠭᠤᠴᠠᠯᠭ᠎ᠠ ᠶᠢ ᠠᠯᠢ ᠲᠦᠷᠭᠡᠨ ᠢᠶᠠᠷ ᠲᠣᠳᠣᠷᠬᠠᠶᠢᠯᠠᠵᠤ᠂ ᠮᠠᠨ ᠤ | ᠬᠤᠳᠠ ᠶᠢᠨ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ | ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠳᠠ ᠶᠢᠨ ︽ᠪᠡᠯᠡᠳᠬᠡᠯ ᠲᠥᠰᠥᠯ︾ ᠳᠤ ᠵᠠᠰᠠᠪᠤᠷᠢ ᠣᠷᠣᠭᠤᠯᠬᠤ | ᠴᠢᠬᠤᠯᠠᠲᠠᠢ ᠪᠣᠯᠪᠠ᠃ | ᠬᠤᠶᠠᠷ᠂ ᠭᠤᠣᠯ ᠠᠭᠤᠯᠭ᠎ᠠ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠡᠯᠡᠳᠬᠡᠯ ᠲᠥᠰᠥᠯ ᠨᠢ ᠨᠡᠶᠢᠲᠡ 7 ᠪᠦᠯᠦᠭ ᠬᠡᠰᠡᠭ ᠵᠢᠴᠢ 2 | ᠳᠠᠭᠠᠯᠳᠤᠭᠤᠯᠤᠯ ᠲᠠᠢ᠃ | ᠨᠢᠭᠡᠳᠦᠭᠡᠷ ᠪᠦᠯᠦᠭ ᠲᠤ ᠶᠡᠷᠦᠩᠬᠡᠢ ᠳᠦᠷᠢᠮ ᠳᠠᠷᠤᠢ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠦᠨᠳᠦᠰᠦᠯᠡᠯ᠂ | ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠥᠯ ᠤᠨ ᠰᠢᠰᠲ᠋ᠧᠮ᠂ ᠠᠵᠢᠯ ᠤᠨ ᠵᠠᠷᠴᠢᠮ᠂ ᠡ᠊ᠨᠳᠡᠯ ᠤᠨ ᠲᠡᠰ ᠬᠤᠪᠢᠶᠠᠬᠤ | ᠵᠡᠷᠭᠡ ᠠᠭᠤᠯᠭ᠎ᠠ ᠶᠢ ᠨᠠᠶᠢᠷᠠᠭᠤᠯᠤᠨ ᠵᠣᠬᠢᠶᠠᠪᠠ᠃ | ᠬᠤᠶᠠᠳᠤᠭᠠᠷ ᠪᠦᠯᠦᠭ ᠲᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠵᠢᠴᠢ ᠲᠡᠭᠦᠨ ᠤ ᠲᠤᠰᠢᠶᠠᠯ | ᠬᠠᠷᠢᠭᠤᠴᠠᠯᠭ᠎ᠠ ᠳᠠᠷᠤᠢ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ | ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ᠂ ᠬᠤᠰᠢᠭᠤ ᠰᠢᠶᠠᠨ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠤᠭᠤᠳᠬᠤ ᠪᠠᠶᠢᠭᠤᠯᠤᠮᠵᠢ ᠵᠡᠷᠭᠡ ᠠᠭᠤᠯᠭ᠎ᠠ ᠶᠢ ᠨᠠᠶᠢᠷᠠᠭᠤᠯᠤᠨ ᠵᠣᠬᠢᠶᠠᠪᠠ᠃ | ᠭᠤᠷᠪᠠᠳᠤᠭᠠᠷ ᠪᠦᠯᠦᠭ ᠲᠤ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ | ᠵᠠᠩᠭᠢ ᠶᠢ ᠮᠡᠳᠡᠭᠦᠯᠬᠦ ᠳᠠᠷᠤᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ᠂ ᠤᠷᠢᠳᠴᠢᠯᠠᠨ | ᠰᠡᠷᠡᠮᠵᠢᠯᠡᠭᠦᠯᠬᠦ ᠲᠠᠰ ᠤᠨ ᠬᠤᠪᠢᠶᠠᠷᠢᠯᠠᠯ ᠵᠢᠴᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ᠂ | ᠤᠷᠢᠳᠴᠢᠯᠠᠨ ᠰᠡᠷᠡᠮᠵᠢᠯᠡᠭᠦᠯᠬᠦ ᠶᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ᠂ ᠮᠡᠳᠡᠭᠡ ᠵᠠᠩᠭᠢ ᠶᠢᠨ | ᠮᠡᠳᠡᠭᠦᠯᠦᠯᠲᠡ ᠶᠢᠨ ᠪᠡᠶᠡᠴᠢ ᠴᠣᠭᠴᠠ ᠵᠢᠴᠢ ᠮᠡᠳᠡᠭᠦᠯᠬᠦ ᠵᠦᠢᠯᠡᠰ ᠵᠡᠷᠭᠡ ᠠᠭᠤᠯᠭ᠎ᠠ ᠶᠢ ᠨᠠᠶᠢᠷᠠᠭᠤᠯᠤᠨ ᠵᠣᠬᠢᠶᠠᠪᠠ᠃ | ᠳᠥᠷᠪᠡᠳᠦᠭᠡᠷ ᠪᠦᠯᠦᠭ ᠲᠤ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠳᠠᠷᠤᠢ ᠳᠠᠭᠠᠬᠤ ᠶᠢ ᠲᠠᠰ | ᠬᠤᠪᠢᠶᠠᠬᠤ᠂ ᠳᠠᠭᠠᠬᠤ ᠲᠠᠰ ᠳᠠᠷᠠᠭᠠᠯᠠᠯ᠂ ᠵᠢᠯᠣᠭᠤᠳᠤᠨ ᠵᠣᠬᠢᠴᠠᠭᠤᠯᠬᠤ᠂ ᠰᠢᠢᠳᠪᠦᠷᠢᠯᠡᠬᠦ ᠠᠷᠭ᠎ᠠ ᠬᠡᠮᠵᠢᠶ᠎ᠡ᠂ | ᠳᠠᠭᠠᠬᠤ ᠶᠢ ᠥᠷᠭᠡᠳᠬᠡᠬᠦ᠂ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠤᠭᠠᠯᠠᠨ ᠬᠥᠳᠡᠯᠦᠯᠴᠡᠬᠦ᠂ ᠨᠡᠶᠢᠭᠡᠮ ᠤᠨ | ᠳᠠᠶᠢᠴᠢᠯᠠᠯᠲᠠ᠂ ᠮᠡᠳᠡᠭᠡ ᠵᠠᠩᠭᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠤᠰᠬᠤ ᠵᠡᠷᠭᠡ ᠠᠭᠤᠯᠭ᠎ᠠ ᠶᠢ | ᠨᠠᠶᠢᠷᠠᠭᠤᠯᠤᠨ ᠵᠣᠬᠢᠶᠠᠪᠠ᠃ | ᠲᠠᠪᠤᠳᠤᠭᠠᠷ ᠪᠦᠯᠦᠭ ᠲᠤ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠳᠠᠷᠤᠢ ᠬᠤᠶᠢᠲᠤᠬᠢ ᠶᠠᠪᠤᠳᠠᠯ ᠢ | ᠰᠢᠢᠳᠪᠦᠷᠢᠯᠡᠬᠦ᠂ ᠨᠡᠶᠢᠭᠡᠮ ᠤᠨ ᠠᠪᠤᠷᠠᠨ ᠲᠤᠰᠠᠯᠠᠬᠤ᠂ ᠳᠠᠭᠠᠳᠬᠠᠯ ᠤᠨ ᠲᠥᠯᠥᠪᠦᠷᠢ ᠥᠭᠬᠦ᠂ ᠪᠠᠶᠢᠴᠠᠭᠠᠨ ᠦᠨᠡᠯᠡᠬᠦ᠂ | ᠬᠡᠷᠡᠭ ᠤᠨ ᠳᠠᠷᠠᠭ᠎ᠠ ᠰᠡᠷᠭᠦᠭᠡᠬᠦ ᠵᠡᠷᠭᠡ ᠠᠭᠤᠯᠭ᠎ᠠ ᠶᠢ ᠨᠠᠶᠢᠷᠠᠭᠤᠯᠤᠨ ᠵᠣᠬᠢᠶᠠᠪᠠ᠃ | ᠵᠢᠷᠭᠤᠳᠤᠭᠠᠷ ᠪᠦᠯᠦᠭ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠠᠷᠤᠢ ᠮᠡᠳᠡᠭᠡ ᠬᠤᠯᠪᠣᠭᠠᠨ ᠤ | ᠪᠠᠲᠤᠯᠠᠭ᠎ᠠ᠂ ᠵᠠᠮ ᠲᠡᠭᠡᠭᠡᠪᠦᠷᠢ ᠶᠢᠨ ᠪᠠᠲᠤᠯᠠᠭ᠎ᠠ᠂ ᠠᠮᠤᠷ ᠢ ᠬᠠᠮᠠᠭᠠᠯᠠᠬᠤ ᠪᠠᠲᠤᠯᠠᠭ᠎ᠠ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠲᠤᠯᠠᠭ᠎ᠠ᠂ ᠠᠮᠢᠳᠤᠷᠠᠯ ᠤᠨ ᠪᠠᠲᠤᠯᠠᠭ᠎ᠠ᠂ ᠪᠡᠯᠡ ᠮᠥᠩᠭᠦᠨ ᠤ ᠪᠠᠲᠤᠯᠠᠭ᠎ᠠ᠂ ᠠᠪᠤᠷᠠᠨ ᠲᠤᠰᠠᠯᠠᠬᠤ | ᠡᠩᠨᠡᠭᠡ ᠵᠢᠴᠢ ᠡᠳ᠋ ᠪᠣᠳᠠᠰ ᠲᠥᠬᠦᠭᠡᠷᠦᠮᠵᠢ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ ᠵᠡᠷᠭᠡ ᠠᠭᠤᠯᠭ᠎ᠠ ᠶᠢ | ᠨᠠᠶᠢᠷᠠᠭᠤᠯᠤᠨ ᠵᠣᠬᠢᠶᠠᠪᠠ᠃ | ᠳᠣᠯᠣᠳᠤᠭᠠᠷ ᠪᠦᠯᠦᠭ ᠲᠤ ᠪᠡᠯᠡᠳᠬᠡᠯ ᠲᠥᠰᠥᠯ ᠤᠨ ᠬᠠᠮᠢᠶᠠᠷᠤᠯᠲᠠ ᠳᠠᠷᠤᠢ ᠬᠥᠮᠦᠵᠢᠯ ᠪᠣᠯᠪᠠᠰᠤᠷᠠᠭᠤᠯᠤᠯ᠂ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ᠂ ᠪᠡᠯᠡᠳᠬᠡᠯ | ᠲᠥᠰᠥᠯ ᠢ ᠲᠣᠭᠲᠠᠭᠠᠬᠤ ᠪᠠ ᠲᠠᠶᠢᠯᠪᠤᠷᠢᠯᠠᠬᠤ᠂ ᠪᠡᠯᠡᠳᠬᠡᠯ ᠲᠥᠰᠥᠯ ᠢ ᠬᠡᠷᠡᠭᠵᠢᠭᠦᠯᠬᠦ ᠠᠭᠤᠯᠭ᠎ᠠ ᠶᠢ ᠨᠠᠶᠢᠷᠠᠭᠤᠯᠤᠨ | ᠵᠣᠬᠢᠶᠠᠪᠠ᠃ | ᠳᠠᠭᠠᠯᠳᠤᠭᠤᠯᠤᠯ ᠳᠤ ᠬᠤᠳᠠ ᠶᠢᠨ ᠱᠠᠲᠤᠨ ᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ | ᠪᠠᠶᠢᠳᠠᠯ ᠢ ᠠᠷᠭᠠᠴᠠᠬᠤ ᠶᠢ ᠳᠠᠭᠠᠬᠤ ᠴᠤᠪᠤᠷᠠᠯ ᠵᠢᠷᠤᠭ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠲᠡᠰ | ᠬᠤᠪᠢᠶᠠᠷᠢ᠂ ᠬᠤᠳᠠ ᠶᠢᠨ ᠱᠠᠲᠤᠨ ᠤ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ | ᠠᠷᠭᠠᠴᠠᠬᠤ ᠶᠢ ᠵᠢᠯᠤᠭᠤᠳᠬᠤ ᠪᠠᠶᠢᠭᠤᠯᠤᠮᠵᠢ ᠵᠢᠴᠢ ᠲᠤᠰᠢᠶᠠᠯ ᠬᠠᠷᠢᠴᠠᠭᠤᠯᠭ᠎ᠠ ᠶᠢ ᠨᠠᠶᠢᠷᠠᠭᠤᠯᠤᠨ ᠵᠣᠬᠢᠶᠠᠪᠠ᠃ | |