ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 2 ᠰᠠᠷ᠎ᠠ ᠶᠢᠨ 16 ᠤ | ᠡᠳᠦᠷ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠬᠤᠷᠠᠯ ᠠᠴᠠ᠂ 3 ᠵᠢᠯ ᠭᠠᠷᠤᠢ ᠶᠢᠨ ᠲᠤᠷᠰᠢ᠂ ᠮᠠᠨ ᠤ ᠤᠯᠤᠰ ᠤᠨ ᠬᠢᠵᠢᠭ ᠲᠠᠢ ᠲᠡᠮᠡᠴᠡᠵᠦ ᠬᠢᠵᠢᠭ ᠢ ᠰᠡᠷᠭᠡᠶᠢᠯᠡᠭᠰᠡᠨ | ᠲᠡᠦᠬᠡᠨ ᠶᠠᠪᠤᠴᠠ ᠲᠦᠢᠯ ᠤᠨ ᠶᠡᠷᠦ ᠪᠤᠰᠤ ᠶᠤᠮ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠦᠭᠦ ᠨᠠᠮ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠨᠢᠭᠡᠳᠦᠨ | ᠬᠢᠵᠢᠭ ᠲᠠᠢ ᠲᠡᠮᠡᠴᠡᠵᠦ᠂ ᠴᠢᠩᠭ᠎ᠠ ᠬᠦᠴᠦᠲᠡᠢ ᠲᠡᠦᠬᠡ ᠶᠢᠨ ᠡᠭᠦᠷᠭᠡᠯᠡᠯ ᠪᠠ ᠬᠦᠴᠦᠷᠬᠡᠭ ᠶᠡᠭᠡ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠷ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠡᠪᠡᠳᠴᠢᠯᠡᠭᠦᠯᠬᠦ ᠬᠦᠴᠦᠨ ᠢᠶᠠᠷ | ᠨᠡᠯᠢᠶᠡᠳ ᠴᠢᠩᠭ᠎ᠠ᠂ ᠦᠭᠦᠭᠦᠯᠭᠦ ᠨᠤᠷᠮ᠎ᠠ ᠨᠡᠯᠢᠶᠡᠳ ᠥᠨᠳᠥᠷ ᠸᠢᠷᠦ᠋ᠰ ᠤᠨ ᠥᠷᠭᠡᠨ ᠢᠶᠠᠷ ᠳᠡᠯᠭᠡᠷᠡᠬᠦ ᠠᠴᠠ ᠠᠮᠵᠢᠯᠲᠠ ᠲᠠᠢ | ᠵᠠᠶᠢᠯᠠᠰᠬᠢᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ | ᠪᠦᠲᠦᠮᠵᠢᠲᠡᠢ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠬᠤ ᠳᠤ ᠡᠷᠬᠢᠮ ᠨᠠᠨᠳᠢᠨ ᠴᠠᠭ ᠮᠥᠴᠡ ᠶᠢ ᠣᠯᠭᠤᠭᠰᠠᠨ ᠪᠠᠶᠢᠨ᠎ᠠ᠃ 2022 ᠣᠨ ᠤ 11 ᠰᠠᠷ᠎ᠠ ᠠᠴᠠ | ᠨᠠᠭᠠᠰᠢ᠂ ᠪᠢᠳᠡ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠶᠢᠨ ᠲᠣᠭᠤᠷᠢᠨ ᠳᠤ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ ᠣᠬᠤᠷ | ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠱᠠᠲᠤ ᠬᠤᠭᠤᠴᠠᠭ᠎ᠠ | ᠰᠢᠯᠵᠢᠭᠦ ᠶᠢ ᠪᠡᠶᠡᠯᠡᠭᠦᠯᠵᠦ᠂ 2 ᠳ᠋ᠦᠩᠰᠢᠭᠤᠷ ᠭᠠᠷᠤᠢ ᠬᠥᠮᠥᠨ ᠢ ᠡᠮᠨᠡᠨ ᠵᠠᠰᠠᠵᠤ᠂ 80 ᠲᠦᠮᠡ ᠰᠢᠬᠠᠮ ᠬᠦᠨᠳᠦ | ᠡᠪᠡᠳᠴᠢᠲᠡᠨ ᠢ ᠪᠦᠲᠦᠮᠵᠢᠲᠡᠶ ᠠᠪᠤᠷᠠᠨ ᠵᠠᠰᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠦᠬᠦᠬᠦ ᠨᠣᠷᠮ᠎ᠠ ᠶᠢ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠯᠭᠠᠬᠤ ᠶᠢ ᠪᠠᠲᠤᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ᠂ ᠬᠥᠮᠥᠨ | ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷᠡᠬᠢ ᠬᠥᠮᠥᠨ ᠠᠮᠠ ᠣᠯᠠᠨᠲᠠᠢ ᠶᠡᠭᠡ ᠤᠯᠤᠰ ᠤᠨ ᠬᠢᠵᠢᠭ ᠶᠡᠭᠡ ᠪᠠᠷ | ᠦᠷᠪᠢᠰᠦᠨ ᠳᠡᠯᠭᠡᠷᠡᠬᠦ ᠶᠢ ᠬᠤᠷᠢᠭᠯᠠᠵᠤ ᠴᠢᠳᠠᠭᠰᠠᠨ ᠭᠠᠶᠢᠬᠠᠮᠰᠢᠭ ᠢ ᠡᠭᠦᠳᠴᠡᠢ᠃ ᠨᠠᠮ ᠤᠨ ᠲᠥᠪ ᠬᠤᠷᠢᠶ᠎ᠠ ᠶᠢᠨ | ᠬᠢᠵᠢᠭ ᠤᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠲᠠ᠂ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠴᠢᠬᠤᠯᠠ ᠶᠡᠭᠡ ᠲᠣᠬᠢᠷᠠᠭᠤᠯᠤᠯᠲᠠ ᠪᠣᠯ | ᠪᠦᠷᠢᠮᠦᠰᠦᠨ ᠵᠥᠪ ᠶᠤᠮ᠂ ᠠᠷᠭ᠎ᠠ ᠬᠡᠮᠵᠢᠶ᠎ᠡ ᠨᠢ ᠬᠦᠴᠦᠲᠡᠢ᠂ ᠤᠯᠠᠨ ᠲᠦᠮᠡᠨ ᠳᠤ ᠮᠡᠳᠡᠷᠡᠭᠳᠡᠵᠦ᠂ ᠦᠷ᠎ᠡ ᠪᠦᠲᠦᠮᠵᠢ ᠨᠢ | ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠳᠤ ᠪᠦᠭᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠲᠤᠨ ᠳᠤ ᠲᠣᠭᠲᠠᠭᠤᠨ ᠢᠶᠠᠷ ᠣᠷᠣᠪᠠ᠂ ᠭᠡᠪᠡᠴᠦ ᠪᠦᠭᠦ ᠪᠥᠮᠪᠥᠷᠴᠡᠭ ᠲᠤ | ᠬᠢᠵᠢᠭ ᠮᠥᠨ ᠬᠦ ᠳᠡᠯᠭᠡᠷᠡᠵᠦ᠂ ᠸᠢᠷᠦ᠋ᠰ ᠮᠥᠨ ᠬᠦ ᠲᠠᠰᠤᠷᠠᠯᠲᠠ ᠦᠭᠡᠢ ᠣᠨᠳᠣᠣᠰᠢᠨ ᠬᠤᠪᠢᠷᠠᠵᠤ ᠪᠠᠶᠢᠨ᠎ᠠ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ 3 ᠵᠢᠯ | ᠭᠠᠷᠤᠢ ᠶᠢᠨ ᠲᠤᠷᠰᠢᠬᠢ ᠢᠯᠠᠩᠭᠤᠶ᠎ᠠ ᠣᠶᠢᠷ᠎ᠠ ᠶᠢᠨ ᠨᠢᠭᠡ ᠬᠡᠰᠡᠭ ᠬᠤᠭᠤᠴᠠᠭᠠᠨ ᠤ ᠲᠤᠷᠰᠢᠯᠭ᠎ᠠ ᠠᠷᠭ᠎ᠠ ᠬᠢᠳᠡᠯ ᠢᠶᠠᠨ | ᠭᠦᠨᠵᠡᠭᠡᠢ ᠳ᠋ᠦᠩᠨᠡᠵᠦ᠂ ᠬᠠᠮᠢᠶ᠎ᠠ ᠪᠦᠬᠦᠢ ᠲᠣᠭᠲᠠᠴᠠ ᠪᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠢᠨ᠎ᠡ ᠱᠠᠲᠤ | ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ | ᠠᠳᠬᠤᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ | ᠭᠢᠯᠪᠠᠷ ᠪᠤᠰᠤ ᠪᠠᠷ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠲᠠᠢ ᠬᠥᠮᠥᠰ ᠢ ᠬᠠᠮᠢᠶᠠᠷᠤᠨ ᠡᠵᠡᠮᠳᠡᠬᠦ | ᠠᠵᠢᠯ ᠢ ᠰᠠᠶᠢᠲᠤᠷ ᠬᠢᠵᠦ᠂ ᠤᠳᠤ ᠶᠢᠨ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ ᠲᠠᠭᠢᠨ ᠠᠬᠢᠭᠤᠯᠵᠤ ᠲᠠᠭᠢᠨ | ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠪᠠ ᠪᠠᠶᠢᠩᠭᠤᠵᠢᠭᠤᠯᠤᠨ ᠤᠷᠢᠳᠴᠢᠯᠠᠨ | ᠰᠡᠷᠡᠮᠵᠢᠯᠡᠭᠦᠯᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠰᠢᠰᠲ᠋ᠧᠮ | ᠪᠣᠯᠣᠨ ᠮᠡᠳᠡᠭᠡ ᠵᠠᠩᠭᠢ ᠶᠢ ᠮᠡᠳᠡᠭᠦᠯᠭᠦ ᠳᠦᠷᠢᠮ ᠢ ᠪᠦᠷᠢᠨᠰᠢᠭᠦᠯᠵᠦ᠂ ᠴᠠᠭ ᠲᠤᠬᠠᠢ ᠳᠤᠨᠢ ᠣᠨᠣᠪᠴᠢᠲᠠᠶ ᠤᠷᠢᠳᠴᠢᠯᠠᠨ | ᠰᠡᠷᠡᠮᠵᠢᠯᠡᠭᠦᠯᠭᠦ ᠶᠢᠨ ᠬᠠᠮᠲᠤ ᠴᠢᠬᠤᠯᠠ ᠪᠦᠬᠦᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠸᠢᠷᠦ᠋ᠰ ᠤᠨ ᠣᠨᠳᠣᠣᠰᠢᠯ ᠪᠠ ᠸᠠᠺᠼᠢᠨ ᠤ ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠨ᠂ ᠲᠠᠷᠠᠭᠠᠴᠢ ᠶᠢᠨ ᠱᠠᠲᠤᠨ ᠤ | ᠸᠠᠺᠼᠢᠨ ᠤ ᠲᠠᠷᠢᠯᠭ᠎ᠠ ᠬᠢᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠰᠤᠲᠠᠶᠢᠴᠤᠳ ᠤᠨ ᠲᠠᠷᠢᠯᠭ᠎ᠠ | ᠬᠢᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠪᠠᠶᠢᠩᠭᠤᠵᠢᠭᠰᠠᠨ ᠲᠡᠰ ᠬᠤᠪᠢᠶᠠᠬᠤ ᠱᠠᠲᠤ ᠬᠤᠪᠢᠶᠠᠬᠤ | ᠲᠠᠷᠬᠠᠭᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠬᠢ | ᠪᠠᠶᠠᠯᠢᠭ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠪᠠᠷ ᠭᠤᠣᠯ ᠴᠣᠭᠴᠠ ᠪᠤᠯᠭᠠᠬᠰᠠᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠣᠷ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠮᠴᠢᠯᠡᠭᠡᠨ ᠤ ᠡᠳ᠋ ᠪᠣᠳᠠᠰ ᠤᠨ ᠦᠢᠯᠡᠳᠪᠦᠷᠢᠯᠡᠯ | ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠨᠥᠭᠡᠴᠡᠯᠡᠬᠦ ᠳᠦᠷᠢᠮ ᠪᠣᠯᠣᠨ ᠭᠠᠷᠴᠠᠭ ᠢ ᠲᠡᠭᠦᠯᠳᠡᠷᠵᠢᠭᠦᠯᠵᠦ᠂ | ᠠᠵᠢᠯᠲᠠᠨ᠂ ᠡᠳ᠋ ᠪᠣᠳᠠᠰ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠲᠣᠭᠲᠠᠴᠠ ᠶᠢ ᠪᠠᠬᠢᠵᠢᠭᠦᠯᠦᠨ | ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠴᠢᠳᠠᠪᠤᠷᠢ᠂ ᠡᠮ ᠤᠨ ᠵᠦᠢᠯᠡᠰ᠂ ᠲᠤᠨᠤᠭ | ᠲᠥᠬᠦᠭᠡᠷᠦᠮᠵᠢ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ ᠬᠤᠷᠠᠮᠳᠤᠭᠤᠯᠤᠨ ᠠᠮᠢ ᠨᠠᠰᠤ | ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠢᠵᠢᠭ ᠲᠠᠢ | ᠲᠡᠮᠡᠴᠡᠭᠰᠡᠨ ᠴᠢᠬᠤᠯᠠ ᠦᠷ᠎ᠡ ᠪᠦᠲᠦᠭᠡᠯ ᠢ ᠬᠤᠪᠢ ᠳᠠᠭᠢᠨ ᠨᠠᠨᠳᠢᠩᠨᠠᠵᠤ᠂ ᠳᠤᠮᠳᠠᠳᠤ ᠤᠯᠤᠰ ᠤᠨ ᠬᠢᠵᠢᠭ ᠲᠠᠢ | ᠲᠡᠮᠡᠴᠡᠭᠰᠡᠨ ᠥᠯᠢᠭᠡᠷ ᠢ ᠰᠠᠶᠢᠲᠤᠷ ᠶᠠᠷᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠵᠣᠷᠢᠭᠵᠢᠭᠤᠯᠤᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ | ᠬᠠᠷᠰᠢ ᠰᠠᠭᠠᠳ ᠢ ᠢᠯᠡᠨ ᠳᠠᠪᠠᠵᠤ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |