ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠡᠳᠦᠷ 36 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ | ᠤᠯᠤᠰ ᠤᠳ ᠤᠨ ᠬᠤᠯᠪᠤᠭ᠎ᠠ ᠶᠢᠨ ᠲᠦᠷᠦᠭᠦᠴᠦᠳ ᠤᠨ ᠬᠤᠷᠠᠯ ᠳᠤ ᠴᠠᠭᠢᠯᠭᠠᠨ ᠴᠢᠮᠡᠭᠡ ᠶᠠᠪᠤᠭᠤᠯᠵᠤ᠂ ᠠᠹᠷᠢᠺᠠ ᠲᠢᠪ ᠤᠨ | ᠤᠯᠤᠰ ᠤᠳ ᠪᠣᠯᠣᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠤᠨ ᠲᠤᠷᠰᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠠᠹᠷᠢᠺᠠ | ᠲᠢᠪ ᠤᠨ ᠤᠯᠤᠰ ᠤᠳ ᠢ ᠪᠦᠯᠬᠦᠮᠳᠡᠭᠦᠯᠦᠨ ᠳᠠᠭᠠᠭᠤᠯᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠢᠳᠡᠪᠬᠢᠲᠡᠢ ᠠᠷᠭᠠᠴᠠᠭᠠᠵᠤ᠂ ᠠᠹᠷᠢᠺᠠ ᠲᠢᠪ ᠤᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠠᠹᠷᠢᠺᠠ ᠲᠢᠪ ᠤᠨ ᠬᠠᠯᠠᠮᠰᠢᠯ ᠠᠰᠠᠭᠤᠳᠠᠯ ᠢ ᠵᠣᠬᠢᠴᠠᠭᠤᠯᠬᠤ ᠲᠠᠯ᠎ᠠ ᠪᠠᠷ ᠴᠢᠬᠤᠯᠠ ᠦᠢᠯᠡᠳᠦᠯ | ᠦᠵᠡᠭᠦᠯᠵᠦ᠂ ᠠᠹᠷᠢᠺᠠ ᠲᠢᠪ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ ᠢ ᠳᠠᠰᠤᠷᠠᠯᠳᠠ | ᠦᠭᠡᠢ ᠳᠡᠭᠡᠭᠰᠢᠯᠡᠭᠦᠯᠪᠡ᠃ ᠠᠹᠷᠢᠺᠠ ᠲᠢᠪ ᠤᠨ ᠤᠯᠤᠰ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ | ᠲᠠᠰᠤᠷᠠᠯᠲᠠ ᠦᠭᠡᠢ ᠨᠡᠩ ᠶᠡᠭᠡ ᠠᠮᠵᠢᠯᠲᠠ ᠣᠯᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ 2022 ᠣᠨ ᠳᠤ ᠳᠤᠮᠳᠠᠳᠤ ᠠᠹᠷᠢᠺᠠ ᠶᠢᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ | ᠪᠠᠶᠢᠳᠠᠯ ᠢᠶᠠᠨ ᠪᠠᠲᠤᠯᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠪᠦᠭᠦ ᠲᠠᠯ᠎ᠠ ᠶᠢᠨ᠂ ᠣᠯᠠᠨ | ᠲᠠᠰ ᠳᠠᠪᠬᠤᠷᠭ᠎ᠠ ᠶᠢᠨ᠂ ᠴᠢᠨᠠᠷ ᠰᠠᠶᠢᠲᠠᠢ ᠲᠡᠶᠢᠰᠢ ᠬᠥᠭᠵᠢᠵᠦ᠂ ᠣᠯᠠᠨ ᠤᠯᠤᠰ ᠤᠨ ᠠᠹᠷᠢᠺᠠ ᠲᠢᠪ ᠯᠦᠭᠡ ᠶᠢᠨ | ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠪᠢ ᠳᠤᠷᠠᠲᠠᠶ᠎ᠠ ᠠᠹᠷᠢᠺᠠ ᠲᠢᠪ ᠤᠨ ᠤᠯᠤᠰ ᠤᠳ ᠤᠨ | ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠶᠢ ᠤᠯᠠᠮ ᠴᠢᠩᠭᠠᠳᠬᠠᠵᠤ | ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ | ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠤᠨ᠎ᠠ ᠭᠡᠵᠦ ᠴᠢᠬᠤᠯᠠᠴᠢᠯᠠᠪᠠ᠃ | |