ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 21 ᠤ ᠦᠳᠡ ᠶᠢᠨ ᠬᠤᠶᠢᠨ᠎ᠠ | ᠰᠠᠭᠤᠷᠢ ᠰᠤᠳᠤᠯᠭᠠᠨ ᠢ ᠴᠢᠩᠭᠠᠳᠬᠠᠬᠤ ᠲᠤᠬᠠᠢ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠠᠭᠤᠷᠢ | ᠰᠤᠳᠤᠯᠭᠠᠨ ᠢ ᠴᠢᠩᠭᠠᠳᠬᠠᠬᠤ ᠪᠣᠯ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠮᠥᠨ᠂ ᠳᠡᠯᠡᠬᠡᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠠᠶᠢᠯᠠᠰᠢ ᠦᠭᠡᠢ ᠵᠠᠮ ᠮᠥᠨ᠃ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠠᠭᠤᠷᠢ ᠰᠤᠳᠤᠯᠭᠠᠨ ᠢ ᠴᠢᠩᠭᠠᠳᠬᠠᠬᠤ ᠶᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯ ᠤᠨ ᠴᠢᠬᠤᠯᠠ ᠵᠥᠪᠯᠡᠭᠦ ᠵᠦᠢᠯ ᠳᠡᠭᠡᠨ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠠᠭᠤᠷᠢ ᠰᠤᠳᠤᠯᠭᠠᠨ ᠤ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠭᠦᠩ ᠴᠢ ᠬᠤᠸᠠᠩ ᠫᠷᠤᠹᠧᠰᠰᠤᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ | ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠪᠣᠯᠣᠨ ᠤᠯᠤᠰ ᠠᠴᠠ ᠰᠠᠭᠤᠷᠢ ᠰᠤᠳᠤᠯᠭᠠᠨ ᠤ ᠠᠵᠢᠯ ᠢ ᠶᠡᠷᠦ ᠠᠴᠠ ᠴᠢᠬᠤᠯᠠᠴᠢᠯᠠᠭᠰᠠᠭᠠᠷ ᠢᠷᠡᠵᠠᠢ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ | ᠮᠠᠨ ᠤ ᠤᠯᠤᠰ ᠤᠨ ᠰᠠᠭᠤᠷᠢ ᠰᠤᠳᠤᠯᠭᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠣᠳᠣᠬᠠᠨ ᠳᠤ᠂ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠨᠢᠰᠬᠦ | ᠮᠡᠲᠦ ᠲᠦᠷᠭᠡᠨ ᠬᠥᠭᠵᠢᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠯ ᠠᠭᠤᠰᠤᠯᠴᠠᠯ ᠲᠠᠰᠤᠷᠠᠯᠲᠠ ᠦᠭᠡᠢ ᠬᠥᠭᠵᠢᠵᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠳᠤ ᠭᠦᠨᠵᠡᠭᠡᠢ ᠬᠤᠪᠢᠰᠤᠯᠲᠠ ᠭᠠᠷᠴᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠲᠦᠷᠭᠡᠨ ᠢᠶᠠᠷ ᠨᠡᠪᠴᠢᠨ ᠠᠭᠤᠰᠤᠯᠴᠠᠵᠤ᠂ ᠰᠠᠭᠤᠷᠢ | ᠰᠤᠳᠤᠯᠭᠠᠨ ᠢ ᠬᠤᠪᠢᠷᠠᠭᠤᠯᠬᠤ ᠦᠶᠡᠯᠡᠯ ᠤᠨ ᠬᠤᠭᠤᠴᠠᠭ᠎ᠠ ᠢᠯᠡᠳᠲᠡ ᠪᠣᠭᠤᠨᠢᠰᠴᠤ᠂ ᠤᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠰᠠᠭᠤᠷᠢ ᠰᠤᠳᠤᠯᠭᠠᠨ ᠤ ᠬᠤᠰᠢᠭᠤᠷᠠᠯ ᠲᠡᠶᠢᠰᠢ ᠰᠢᠯᠵᠢᠵᠦ ᠪᠠᠶᠢᠨ᠎ᠠ᠃ | ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠢ ᠠᠷᠭᠠᠴᠠᠭᠠᠵᠤ᠂ ᠥᠨᠳᠥᠷ ᠲᠦᠪᠰᠢᠨ | ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ | ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠢᠳᠡᠨ ᠤ ᠰᠠᠭᠤᠷᠢ ᠰᠤᠳᠤᠯᠭᠠᠨ ᠢ ᠴᠢᠩᠭᠠᠳᠬᠠᠵᠤ᠂ ᠡᠬᠢ | ᠡᠭᠦᠰᠦᠯ ᠪᠠ ᠦᠨᠳᠦᠰᠦ ᠰᠠᠭᠤᠷᠢ ᠠᠴᠠ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠬᠦ ᠶᠢ ᠲᠤᠯᠭᠠᠮ | ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠭᠤᠷᠢ ᠰᠤᠳᠤᠯᠭᠠᠨ ᠤ ᠤᠷᠢᠳᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ | ᠴᠢᠨᠠᠷ ᠪᠦᠬᠦᠢ ᠪᠠᠶᠢᠷᠢᠰᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠰᠤᠳᠤᠯᠭᠠᠨ ᠨᠢ ᠰᠤᠳᠤᠯᠭᠠᠨ ᠠᠴᠠ | ᠬᠡᠷᠡᠭᠯᠡᠭᠡᠨ ᠳᠤ ᠭᠦᠷᠲᠡᠯ᠎ᠡ᠂ ᠲᠠᠭᠢᠭᠠᠳ ᠦᠢᠯᠡᠳᠪᠦᠷᠢᠯᠡᠯ ᠬᠦᠷᠲᠡᠯᠡᠬᠢ ᠡᠷᠳᠡᠮ ᠰᠢᠨᠵᠢᠯᠡᠭᠡᠨ ᠤ ᠬᠡᠯᠬᠢᠶ᠎ᠡ ᠶᠢᠨ ᠡᠬᠢᠨ ᠳᠤᠨᠢ | ᠣᠷᠣᠰᠢᠵᠤ᠂ ᠰᠠᠭᠤᠷᠢ ᠪᠠᠨ ᠪᠠᠲᠤ ᠴᠣᠭᠴᠠᠯᠠᠪᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠲᠣᠮᠣ | ᠠᠰᠠᠷ ᠢ ᠰᠠᠶ᠋ᠢ ᠥᠨᠳᠥᠷ ᠪᠠᠶᠢᠭᠤᠯᠵᠤ ᠴᠢᠳᠠᠨ᠎ᠠ᠃ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠬᠠᠷᠠᠯᠲᠠ ᠪᠠᠷ | ᠤᠳᠤᠷᠢᠳᠤᠮᠵᠢ ᠪᠤᠯᠭᠠᠬᠤ ᠪᠠ ︽ᠬᠤᠶᠠᠷ ᠵᠠᠮ ᠢᠶᠠᠷ ᠵᠠᠮᠨᠠᠬᠤ︾ ᠶᠢ ᠴᠢᠯᠦᠭᠡᠲᠡᠢ ᠰᠦᠪᠡᠭᠴᠢᠯᠡᠬᠦ ᠶᠢ ᠪᠠᠷᠢᠮᠲᠠᠯᠠᠵᠤ᠂ | ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠢ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠵᠤ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ ᠳᠤᠷᠠᠳᠤᠭᠰᠠᠨ ᠬᠤᠰᠢᠭᠤᠷᠠᠯ ᠠᠰᠠᠭᠤᠳᠠᠯ ᠪᠠ | ᠴᠢᠬᠤᠯᠠ ᠶᠡᠭᠡ ᠬᠡᠷᠡᠭᠯᠡᠭᠡᠨ ᠤ ᠰᠤᠳᠤᠯᠭᠠᠨ ᠤ ᠳᠤᠮᠳᠠ ᠬᠡᠶᠢᠰᠪᠦᠷᠢ ᠪᠠᠷ ᠭᠠᠷᠭᠠᠭᠰᠠᠨ ᠤᠨᠤᠯ ᠤᠨ ᠠᠰᠠᠭᠤᠳᠠᠯ ᠢ | ᠨᠢᠭᠡᠳᠦᠯᠲᠡᠢ ᠲᠥᠯᠥᠪᠯᠡᠵᠦ᠂ ᠰᠠᠭᠤᠷᠢ ᠰᠤᠳᠤᠯᠭᠠᠨ ᠤ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ | ᠪᠤᠯᠪᠠᠰᠤᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠪᠣᠯᠣᠨ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠡᠵᠡᠮᠳᠡᠵᠦ᠂ ᠰᠠᠭᠤᠷᠢ ᠰᠤᠳᠤᠯᠭᠠᠨ ᠤ ᠴᠢᠬᠤᠯᠠ ᠶᠡᠭᠡ ᠲᠦᠷᠦᠯ | ᠵᠦᠢᠯ ᠤᠨ ᠪᠣᠯᠣᠮᠵᠢᠲᠤ ᠴᠢᠨᠠᠷ ᠢ ᠨᠤᠲᠠᠯᠠᠬᠤ ᠪᠠ ᠰᠢᠯᠢᠨ ᠰᠣᠩᠭᠤᠵᠤ ᠦᠨᠡᠯᠡᠨ ᠵᠢᠱᠢᠭᠦ ᠶᠢ ᠴᠢᠩᠭᠠᠳᠬᠠᠵᠤ᠂ ᠰᠢᠨᠵᠢᠯᠡᠬᠦ | ᠤᠬᠠᠭᠠᠨᠲᠠᠳ ᠤᠨ ᠰᠠᠨᠠᠯ ᠢ ᠭᠦᠢᠴᠡᠳ ᠭᠦᠨᠳᠦᠳᠭᠡᠵᠦ᠂ ᠶᠡᠭᠡ ᠬᠠᠨᠳᠤᠰᠢ ᠶᠢ ᠡᠵᠡᠮᠳᠡᠵᠦ᠂ ︽ᠲᠦᠷᠦᠭᠦᠦ ᠠᠯᠬᠤᠮ ᠤᠨ | ᠰᠢᠲᠠᠷ᠎ᠠ︾ ᠶᠢ ᠰᠠᠶᠢᠲᠤᠷ ᠲᠠᠯᠪᠢᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠰᠢᠰᠲ᠋ᠧᠮᠵᠢᠭᠰᠡᠨ ᠰᠠᠭᠤᠷᠢ | ᠰᠤᠳᠤᠯᠭᠠᠨ᠂ ᠬᠤᠰᠢᠭᠤᠷᠠᠯ ᠤᠳᠤᠷᠢᠳᠤᠮᠵᠢ ᠶᠢᠨ ᠬᠠᠶᠢᠨ ᠰᠦᠪᠡᠭᠴᠢᠯᠡᠯᠲᠡ ᠶᠢᠨ ᠴᠢᠨᠠᠷᠲᠠᠢ ᠰᠠᠭᠤᠷᠢ ᠰᠤᠳᠤᠯᠭᠠᠨ᠂ ᠵᠠᠬ᠎ᠠ | ᠳᠡᠯᠭᠡᠭᠦᠷ ᠤᠨ ᠤᠳᠤᠷᠢᠳᠤᠮᠵᠢ ᠶᠢᠨ ᠬᠡᠷᠡᠭᠯᠡᠭᠡᠨ ᠤ ᠴᠢᠨᠠᠷᠲᠠᠢ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠯᠲᠠ ᠲᠠᠢ | ᠠᠬᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠬᠥᠲᠥᠯᠥᠨ ᠳᠠᠭᠠᠭᠤᠯᠬᠤ ᠦᠢᠯᠡᠳᠦᠯ᠂ ᠤᠯᠤᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠮᠵᠢᠴᠢᠯᠠᠬᠰᠠᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ᠂ | ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ ᠶᠢᠨ ᠭᠤᠣᠯ ᠬᠦᠴᠦᠨ ᠤ ᠦᠢᠯᠡᠳᠦᠯ ᠪᠣᠯᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ︽ᠰᠡᠳᠦᠪ ᠭᠠᠷᠭᠠᠭᠴᠢ︾᠂ ︽ | ᠰᠡᠳᠦᠪ ᠬᠠᠷᠢᠭᠤᠯᠤᠭᠴᠢ︾᠂ ︽ᠰᠡᠳᠦᠪ ᠬᠢᠨᠠᠭᠴᠢ︾ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ | ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ | ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ᠂ ᠠᠩᠬᠠᠷᠤᠭᠳᠠᠭᠠᠳᠤᠢ ᠰᠢᠨᠵᠢᠯᠡᠭᠡᠨ ᠤ | ᠰᠠᠯᠠᠭ᠎ᠠ ᠪᠣᠯᠣᠨ ᠪᠠᠭᠤᠷᠠᠢ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠳᠡᠮᠵᠢᠵᠦ᠂ ᠰᠢᠨᠵᠢᠯᠡᠭᠡᠨ ᠤ ᠰᠠᠯᠠᠭ᠎ᠠ ᠶᠢᠨ | ᠰᠣᠯᠪᠢᠴᠠᠨ ᠠᠭᠤᠰᠤᠯᠴᠠᠬᠤ ᠪᠠ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠤᠳᠤᠯᠭᠠᠨ ᠢ ᠠᠬᠢᠭᠤᠯᠵᠤ᠂ ᠪᠦᠭᠦ ᠲᠠᠯ᠎ᠠ ᠪᠠᠷ | ᠲᠡᠩᠴᠡᠭᠦᠷᠢᠲᠡᠢ ᠬᠥᠭᠵᠢᠭᠰᠡᠨ ᠴᠢᠨᠠᠷ ᠰᠠᠶᠢᠲᠠᠢ ᠰᠢᠨᠵᠢᠯᠡᠭᠡᠨ ᠤ ᠰᠠᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠷᠲᠢᠨᠴᠦ ᠨᠢᠭᠡᠨᠲᠡ ᠲᠣᠮᠣ ᠰᠢᠨᠵᠢᠯᠡᠬᠦ ᠤᠬᠠᠭᠠᠨ ᠤ ᠴᠠᠭ ᠦᠶ᠎ᠡ ᠳᠤ ᠣᠷᠣᠵᠤ᠂ ᠰᠠᠭᠤᠷᠢ | ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠠᠪᠤᠬᠤ ᠲᠤᠲᠤᠮ ᠥᠨᠳᠥᠷ ᠪᠣᠯᠵᠤ᠂ ᠳᠦᠷᠢᠮ ᠤᠨ ᠪᠠᠲᠤᠯᠠᠭ᠎ᠠ ᠪᠠ | ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠠᠴᠠ ᠰᠠᠭᠤᠷᠢ ᠰᠤᠳᠤᠯᠭᠠᠨ ᠤ ᠦᠢᠯᠡᠳᠪᠦᠷᠢᠯᠡᠯ ᠳᠤ ᠦᠵᠡᠭᠦᠯᠭᠦ ᠨᠥᠯᠥᠭᠡ | ᠶᠠᠪᠤᠬᠤ ᠲᠤᠲᠤᠮ ᠶᠡᠭᠡ ᠪᠣᠯᠵᠤ ᠪᠠᠶᠢᠨ᠎ᠠ᠃ ᠡᠷᠬᠡᠪᠰᠢ ᠰᠠᠭᠤᠷᠢ ᠰᠤᠳᠤᠯᠭᠠᠨ ᠤ ᠪᠠᠶᠢᠭᠤᠯᠤᠮᠵᠢ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ᠂ ᠲᠦᠷᠦ ᠶᠢᠨ ᠪᠣᠳᠣᠯᠭ᠎ᠠ ᠶᠢᠨ ᠦᠷᠳᠡᠭ ᠤᠨ ᠬᠥᠳᠡᠯᠭᠡᠭᠦᠷ ᠪᠠ | ᠪᠠᠶᠢᠯᠳᠤᠬᠤ ᠪᠣᠳᠣᠯᠭ᠎ᠠ ᠶᠢᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠠᠭᠤᠷᠢ ᠰᠤᠳᠤᠯᠭᠠᠨ ᠤ | ᠡᠳ᠋ ᠤᠨ ᠵᠠᠰᠠᠭ ᠤᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ | ᠦᠵᠡᠭᠦᠯᠭᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠣᠷᠣᠭᠤᠯᠤᠯᠲᠠ ᠪᠠᠨ | ᠨᠡᠮᠡᠭᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠠᠶᠢᠭᠤᠯᠬᠤ᠂ | ᠰᠢᠨᠵᠢᠯᠡᠬᠦ ᠤᠬᠠᠭᠠᠨ ᠳᠤ ᠬᠠᠨᠳᠢᠪᠯᠡᠬᠤ ᠵᠡᠷᠭᠡ ᠤᠯᠠᠨ ᠡᠰᠢᠲᠦ ᠣᠷᠣᠭᠤᠯᠤᠯᠲᠠ ᠶᠢ ᠵᠣᠷᠢᠭᠵᠢᠭᠤᠯᠵᠤ᠂ ᠤᠯᠤᠰ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠵᠢᠴᠢ ᠲᠡᠭᠦᠨ ᠤ ᠬᠠᠮᠲᠤᠷᠠᠭᠰᠠᠨ ᠰᠠᠭᠤᠷᠢ ᠮᠥᠩᠭᠦ ᠶᠢᠨ ᠲᠡᠳᠬᠦᠨ | ᠲᠤᠰᠠᠯᠠᠬᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠵᠦ᠂ ᠥᠷᠢᠰᠦᠯᠳᠦᠭᠡᠨ ᠤ ᠴᠢᠨᠠᠷᠲᠠᠢ ᠳᠡᠮᠵᠢᠯᠭᠡ ᠪᠠ ᠲᠣᠭᠲᠠᠭᠤᠨ | ᠳᠡᠮᠵᠢᠯᠭᠡ ᠶᠢ ᠤᠶᠠᠯᠳᠤᠭᠤᠯᠤᠭᠰᠠᠨ ᠰᠠᠭᠤᠷᠢ ᠰᠤᠳᠤᠯᠭᠠᠨ ᠤ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠰᠠᠭᠤᠷᠢ | ᠰᠤᠳᠤᠯᠭᠠᠨ ᠤ ᠳᠡᠮᠵᠢᠯᠭᠡ ᠶᠢᠨ ᠰᠢᠰᠲ᠋ᠧᠮ ᠢ ᠰᠢᠯᠢᠳᠡᠭᠵᠢᠭᠦᠯᠵᠦ᠂ ᠰᠠᠭᠤᠷᠢ ᠰᠤᠳᠤᠯᠭᠠᠨ ᠤ ᠲᠦᠷᠦᠯ ᠵᠦᠢᠯ ᠢ ᠵᠣᠬᠢᠶᠠᠨ | ᠪᠠᠶᠢᠭᠤᠯᠬᠤ᠂ ᠭᠤᠶᠤᠴᠢᠯᠠᠨ ᠮᠡᠳᠡᠭᠦᠯᠭᠦ᠂ ᠦᠨᠡᠯᠡᠨ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠶᠡᠲᠦ ᠴᠢᠨᠠᠷᠲᠠᠢ ᠪᠠᠷ ᠲᠦᠷᠦᠯ ᠬᠤᠪᠢᠶᠠᠭᠰᠠᠨ ᠬᠠᠮᠢᠶᠠᠷᠤᠯᠲᠠ ᠪᠠ ᠤᠯᠤᠰ ᠤᠨ | ᠳᠣᠲᠣᠭᠠᠳᠤ ᠭᠠᠳᠠᠭᠠᠳᠤ ᠶᠢᠨ ᠠᠵᠢᠯ ᠨᠢᠭᠡᠲᠡᠨ ᠤ ᠦᠨᠡᠯᠡᠯᠲᠡ ᠶᠢ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠤ | ᠠᠰᠠᠭᠤᠳᠠᠯ ᠳᠤ ᠬᠠᠨᠳᠤᠭᠤᠯᠤᠭᠰᠠᠨ ᠬᠠᠮᠵᠢᠯᠴᠠᠨ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠴᠢᠯᠦᠭᠡᠲᠦ ᠬᠠᠶᠢᠨ ᠰᠦᠪᠡᠭᠴᠢᠯᠡᠯᠲᠡ ᠶᠢᠨ ᠮᠠᠶ᠋ᠢᠭ ᠤᠨ ᠰᠤᠳᠤᠯᠭᠠᠨ ᠪᠠ ᠬᠠᠮᠲᠤ ᠶᠢᠨ ᠲᠠᠨᠢᠯᠲᠠ ᠶᠢᠨ ᠪᠤᠰᠤ ᠰᠢᠨ᠎ᠡ ᠶᠢ | ᠡᠭᠦᠳᠭᠦ ᠰᠤᠳᠤᠯᠭᠠᠨ ᠢ ᠵᠣᠷᠢᠭᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠪᠣᠯᠣᠨ | ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠰᠠᠭᠤᠷᠢ ᠰᠤᠳᠤᠯᠭᠠᠨ ᠤ ᠤᠷᠳᠤ | ᠦᠶᠡᠯᠡᠯ ᠤᠨ ᠬᠤᠭᠤᠴᠠᠭ᠎ᠠ ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠤᠷᠮᠠᠰᠢᠭᠤᠯᠤᠯ᠂ | ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠴᠠᠯᠢᠩ | ᠬᠥᠯᠥᠰᠦ ᠵᠡᠷᠭᠡ ᠳᠦᠷᠢᠮ ᠢ ᠪᠦᠷᠢᠨᠰᠢᠭᠦᠯᠵᠦ᠂ ᠨᠢᠭᠡ ᠪᠦᠯᠦᠭ ᠰᠠᠭᠤᠷᠢ ᠰᠤᠳᠤᠯᠭᠠᠨ ᠤ ᠰᠢᠨ᠎ᠡ ᠶᠢ ᠡᠭᠦᠳᠭᠦ ᠰᠠᠭᠤᠷᠢᠨ᠂ | ᠳᠠᠪᠠᠭᠤᠯᠢᠭ ᠪᠦᠯᠭᠦᠮ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠲᠡᠮᠵᠢᠵᠤ᠂ | ᠤᠤᠭᠠᠯ ᠡᠭᠦᠳᠦᠯᠲᠡ ᠶᠢᠨ ᠭᠤᠯᠣᠮᠲᠠ ᠪᠣᠯᠣᠨ ᠰᠠᠭᠤᠷᠢ ᠰᠤᠳᠤᠯᠭᠠᠨ ᠤ ᠬᠤᠰᠢᠭᠤᠴᠢ ᠬᠦᠴᠦᠨ ᠢ ᠪᠤᠢ ᠪᠤᠯᠭᠠᠬᠤ ᠬᠡᠷᠡᠭᠲᠡᠢ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ | ᠬᠠᠮᠵᠢᠯᠴᠠᠨ ᠪᠠᠶᠢᠭᠤᠯᠵᠤ᠂ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠰᠤᠳᠤᠯᠭᠠᠨ ᠤ ᠲᠥᠪ ᠢ ᠪᠠᠶᠢᠷᠢᠰᠢᠭᠤᠯᠤᠨ ᠪᠠᠶᠢᠭᠤᠯᠵᠤ᠂ | ᠰᠢᠨ᠎ᠡ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠭᠡ ᠵᠠᠩᠭᠢᠵᠢᠯᠲᠠ ᠶᠢᠨ ᠰᠠᠭᠤᠷᠢ ᠲᠠᠪᠴᠠᠩ ᠢ | ᠤᠷᠢᠳᠴᠢᠯᠠᠨ ᠪᠠᠶᠢᠷᠢᠯᠠᠭᠤᠯᠵᠤ᠂ ᠬᠦᠴᠦᠷᠬᠡᠭ ᠶᠡᠭᠡ ᠰᠠᠭᠤᠷᠢ ᠰᠤᠳᠤᠯᠭᠠᠨ ᠤ ᠭᠤᠣᠯᠯᠠᠭᠴᠢ ᠬᠦᠴᠦᠨ ᠤ ᠲᠣᠣᠷ ᠢ | ᠪᠦᠷᠢᠯᠳᠦᠭᠦᠯᠬᠦ ᠬᠡᠷᠡᠭᠲᠡᠢ᠃ ᠪᠠᠷᠠᠯᠠᠯᠳᠤ ᠴᠢᠨᠠᠷᠲᠠᠢ ᠬᠥᠲᠥᠯᠥᠨ ᠳᠠᠭᠠᠭᠤᠯᠬᠤ ᠭᠡᠯᠪᠡᠷᠢ᠂ ᠪᠠᠶᠢᠯᠳᠤᠬᠤ ᠪᠣᠳᠣᠯᠭ᠎ᠠ ᠶᠢᠨ | ᠤᠳᠤᠷᠢᠳᠤᠮᠵᠢ ᠶᠢᠨ ᠭᠡᠯᠪᠡᠷᠢ᠂ ᠬᠡᠷᠡᠭᠯᠡᠭᠡᠨ ᠤ ᠲᠤᠯᠭᠠᠭᠤᠷᠢᠯᠠᠯ ᠤᠨ ᠭᠡᠯᠪᠡᠷᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠪᠠ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭᠠᠬᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠭᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ | ᠨᠡᠭᠡᠭᠡᠯᠲᠡᠲᠤ ᠬᠠᠮᠲᠤ ᠪᠠᠷ ᠡᠳ᠋ᠯᠡᠭᠦ ᠲᠦᠪᠰᠢᠨ ᠪᠠ ᠠᠵᠢᠯᠯᠠᠭᠠᠨ ᠤ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ | ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠮᠵᠢᠭᠦᠷᠯᠢᠭ ᠲᠥᠬᠦᠭᠡᠷᠦᠮᠵᠢ᠂ ᠠᠵᠢᠯᠯᠠᠭᠤᠯᠬᠤ ᠰᠢᠰᠲ᠋ᠧᠮ | ᠪᠣᠯᠣᠨ ᠰᠠᠭᠤᠷᠢ ᠵᠥᠭᠡᠯᠡᠨ ᠲᠤᠨᠤᠭ ᠢ ᠤᠯᠤᠰ ᠲᠠᠭᠠᠨ ᠦᠢᠯᠡᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠪᠣᠯᠣᠨ ᠠᠵᠤ | ᠠᠬᠤᠶᠢᠯᠠᠯ ᠬᠠᠮᠲᠤᠷᠠᠨ ᠪᠣᠭᠤᠮᠲᠠ ᠰᠢᠪᠲᠤᠯᠬᠤ ᠶᠢ ᠵᠣᠷᠢᠭᠵᠢᠭᠤᠯᠵᠤ᠂ ᠤᠯᠤᠰ ᠲᠠᠭᠠᠨ ᠦᠢᠯᠡᠳᠪᠦᠷᠢᠯᠡᠬᠦ ᠦᠢᠯᠡᠳᠬᠦᠨ ᠢᠶᠠᠷ | ᠣᠷᠣᠯᠠᠭᠤᠯᠬᠤ ᠲᠦᠪᠰᠢᠨ ᠪᠣᠯᠣᠨ ᠬᠡᠷᠡᠭᠯᠡᠬᠦ ᠬᠡᠪᠴᠢᠶ᠎ᠡ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ | ᠦᠢᠯᠡᠳᠪᠦᠷᠯᠡᠭᠰᠡᠨ ᠰᠤᠳᠤᠯᠭᠠᠨ ᠤ ᠲᠠᠪᠴᠠᠩ᠂ ᠬᠡᠮᠵᠢᠭᠦᠷᠯᠢᠭ ᠲᠥᠬᠦᠭᠡᠷᠦᠮᠵᠢ ᠪᠠᠷ ᠴᠢᠬᠤᠯᠠ ᠶᠡᠭᠡ ᠰᠠᠭᠤᠷᠢ ᠰᠤᠳᠤᠯᠭᠠᠨ ᠤ | ᠠᠰᠠᠭᠤᠳᠠᠯ ᠢ ᠰᠢᠢᠳᠪᠦᠷᠢᠯᠡᠬᠦ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠰᠠᠭᠤᠷᠢ ᠰᠤᠳᠤᠯᠭᠠᠨ ᠢ ᠴᠢᠩᠭᠠᠳᠬᠠᠬᠤ ᠳᠤ ᠡᠴᠦᠰ ᠤᠨ ᠡᠴᠦᠰ ᠲᠡᠭᠡᠨ ᠥᠨᠳᠥᠷ ᠲᠦᠪᠰᠢᠨ | ᠪᠦᠬᠦᠢ ᠴᠢᠳᠠᠪᠤᠷᠢᠲᠠᠨ ᠳᠤ ᠲᠦᠰᠢᠭᠯᠡᠨ᠎ᠡ᠃ ᠡᠷᠬᠡᠪᠰᠢ ᠰᠢᠰᠲ᠋ᠧᠮᠵᠢᠭᠰᠡᠨ᠂ ᠳᠡᠭᠡᠳᠦ ᠲᠠᠰ ᠳᠠᠪᠬᠤᠷᠭ᠎ᠠ ᠶᠢᠨ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠨᠠᠩ ᠣᠯᠠᠨ ᠰᠠᠭᠤᠷᠢ | ᠰᠤᠳᠤᠯᠭᠠᠨ ᠤ ᠴᠢᠳᠠᠪᠤᠷᠢᠲᠠᠨ ᠢ ᠥᠷᠢᠰᠦᠯᠳᠦᠭᠦᠯᠦᠨ ᠴᠣᠯᠭᠤᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠴᠢᠳᠠᠪᠤᠷᠢᠲᠠᠨ ᠤ | ᠲᠥᠯᠥᠪᠯᠡᠭᠡ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠳᠡᠮᠵᠢᠭᠦ ᠡᠷᠴᠢᠮ ᠢ ᠴᠢᠩᠭᠠᠷᠠᠭᠤᠯᠵᠤ᠂ ᠪᠠᠶᠢᠯᠳᠤᠬᠤ | ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠢ ᠬᠥᠮᠥᠵᠢᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠯᠠᠭᠤ ᠴᠢᠳᠠᠪᠤᠷᠢᠲᠠᠨ ᠤ ᠭᠤᠣᠯ ᠡᠭᠦᠷᠭᠡ ᠡᠭᠦᠷᠭᠡᠯᠡᠬᠦ᠂ ᠬᠦᠨᠳᠦ ᠡᠭᠦᠷᠭᠡ ᠡᠭᠦᠷᠭᠡᠯᠡᠬᠦ ᠶᠢ ᠲᠡᠮᠵᠢᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠡᠩᠨᠡᠭᠡ ᠪᠣᠯᠣᠨ ᠲᠡᠷᠢᠭᠦᠨ ᠤ ᠰᠢᠨ᠎ᠡ ᠶᠢ ᠡᠭᠦᠳᠭᠦ ᠪᠦᠯᠭᠦᠮ ᠢ | ᠲᠠᠰᠤᠷᠠᠯᠳᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠰᠠᠭᠤᠷᠢ ᠰᠤᠳᠤᠯᠭᠠᠨ ᠤ ᠴᠢᠳᠠᠪᠤᠷᠢᠲᠠᠨ ᠢ ᠵᠦᠷᠢᠶᠡᠴᠢᠯᠡᠨ ᠦᠨᠡᠯᠡᠭᠦ | ᠪᠠ ᠤᠷᠳᠤ ᠦᠶᠡᠯᠡᠯ ᠤᠨ ᠬᠤᠭᠤᠴᠠᠭ᠎ᠠ ᠪᠠᠷ ᠳᠡᠮᠵᠢᠭᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠳᠤ ᠨᠡᠩ ᠶᠡᠭᠡ ᠬᠥᠮᠥᠨ ᠤ ᠬᠦᠴᠦ ᠵᠣᠭᠤᠰ ᠮᠥᠩᠭᠦ ᠡᠳ᠋ ᠪᠣᠳᠠᠰ ᠢ | ᠡᠵᠡᠮᠳᠡᠬᠦ ᠡᠷᠬᠡ ᠪᠣᠯᠣᠨ ᠮᠡᠷᠭᠡᠵᠢᠯ ᠤᠨ ᠱᠤᠭᠤᠮ ᠤᠨ ᠰᠣᠩᠭᠤᠯᠲᠠ ᠶᠢᠨ ᠡᠷᠬᠡ ᠣᠯᠭᠤᠵᠤ᠂ ᠰᠠᠭᠤᠷᠢ ᠰᠤᠳᠤᠯᠭᠠᠨ ᠤ ᠵᠢᠮ᠎ᠡ | ᠶᠣᠰᠣ ᠪᠣᠯᠣᠨ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣᠨ ᠳᠤ ᠨᠡᠶᠢᠴᠡᠭᠦ ᠦᠨᠡᠯᠡᠯᠲᠡ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠰᠤᠷᠲᠠᠯ ᠪᠣᠯᠣᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠢ ᠬᠥᠲᠥᠯᠥᠨ ᠳᠠᠭᠠᠭᠤᠯᠵᠤ | ᠪᠠᠶᠢᠭᠠᠳ ᠣᠷᠭᠢᠶ᠎ᠠ ᠰᠤᠷᠲᠠᠯ ᠢ ᠨᠢ ᠲᠠᠶᠠᠭᠳᠠᠭᠤᠯᠵᠤ᠂ ᠬᠦᠯᠢᠴᠡᠩᠭᠦᠢ ᠪᠤᠰᠤ ᠪᠠᠶᠢᠳᠠᠯ ᠢ ᠨᠢ ᠲᠡᠪᠴᠢᠭᠦᠯᠵᠦ᠂ ︽ᠬᠦᠢᠲᠡᠨ | ᠰᠠᠨᠳᠠᠯᠢ︾ ᠳᠤ ᠯᠠᠪᠳᠠᠭᠤᠨ ᠲᠣᠭᠲᠠᠭᠤᠨ ᠰᠠᠭᠤᠯᠭᠠᠬᠤ ᠬᠡᠷᠡᠭᠲᠡᠢ᠃ ᠰᠠᠭᠤᠷᠢ ᠰᠤᠳᠤᠯᠭᠠᠨ ᠤ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠥᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ | ᠰᠣᠳᠣᠨ ᠴᠢᠳᠠᠪᠤᠷᠢᠲᠠᠨ ᠤ ᠲᠥᠯᠥᠪᠯᠡᠭᠡ︾᠂ ︽ᠰᠠᠭᠤᠷᠢ ᠶᠢ ᠪᠠᠬᠢᠵᠢᠭᠦᠯᠬᠦ ᠲᠥᠯᠥᠪᠯᠡᠭᠡ︾᠂ ︽ᠰᠠᠭᠤᠷᠢ ᠰᠢᠨᠵᠢᠯᠡᠭᠡᠨ ᠤ | ᠰᠠᠯᠠᠭᠠᠨ ᠤ ᠣᠷᠦ᠋ᠢᠯᠠᠭᠰᠠᠨ ᠰᠤᠷᠤᠬᠴᠢᠳ ᠢ ᠬᠥᠮᠥᠵᠢᠭᠦᠯᠬᠦ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ | ᠰᠢᠨᠵᠢᠯᠡᠭᠡᠨ ᠤ ᠰᠠᠯᠠᠭᠠᠨ ᠤ ᠰᠤᠷᠭᠠᠨ ᠬᠥᠮᠦᠵᠢᠯ ᠤᠨ ᠰᠢᠰᠲ᠋ᠧᠮ ᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ | ᠢᠯᠠᠩᠭᠤᠶ᠎ᠠ ︽ᠬᠤᠣᠰ ᠲᠡᠷᠢᠭᠦᠨ ᠵᠡᠷᠭᠡ︾ ᠶᠢᠨ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ | ᠴᠢᠳᠠᠪᠤᠷᠢᠲᠠᠨ ᠢ ᠬᠥᠮᠥᠵᠢᠭᠦᠯᠬᠦ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠴᠢᠮ ᠬᠡᠷᠡᠭᠰᠡᠬᠦ ᠳᠡᠭᠡᠳᠦ | ᠲᠡᠰ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠬᠡᠪᠴᠢᠶ᠎ᠡ ᠨᠢ ᠠᠤᠭ᠎ᠠ ᠶᠡᠭᠡ ᠰᠠᠭᠤᠷᠢ ᠰᠤᠳᠤᠯᠭᠠᠨ ᠤ | ᠪᠡᠯᠡᠳᠬᠡᠯ ᠬᠦᠴᠦᠨ ᠢ ᠲᠠᠰᠤᠷᠠᠯᠳᠠ ᠦᠭᠡᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠮᠥᠨ ᠲᠥᠷᠥᠯᠬᠢᠲᠡᠨ ᠬᠠᠮᠲᠤ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ᠂ | ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠭᠦ ᠶᠢ ᠥᠩᠭᠡᠷᠡᠭᠰᠡᠨ ᠤ ᠠᠯᠢ ᠴᠤ | ᠦᠶ᠎ᠡ ᠠᠴᠠ ᠢᠯᠡᠭᠦᠦ ᠱᠠᠭᠠᠷᠳᠠᠵᠤ ᠪᠠᠶᠢᠨ᠎ᠠ᠃ ᠤᠯᠠᠨ ᠤᠯᠤᠰ ᠤᠨ ᠰᠠᠭᠤᠷᠢ ᠰᠤᠳᠤᠯᠭᠠᠨ ᠤ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠵᠤ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ | ᠮᠥᠩᠭᠦ ᠶᠢ ᠪᠠᠶᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠭᠠᠳᠠᠭᠠᠳᠤ | ᠨᠡᠭᠡᠭᠡᠯᠲᠡ ᠶᠢᠨ ᠡᠷᠴᠢᠮ ᠢ ᠴᠢᠩᠭᠠᠷᠠᠭᠤᠯᠵᠤ᠂ ᠠᠭᠤᠷ ᠠᠮᠢᠰᠬᠤᠯ ᠤᠨ ᠬᠤᠪᠢᠷᠠᠯᠲᠠ᠂ ᠡᠨᠧᠷᠭᠢ ᠶᠢᠨ ᠠᠮᠤᠷ ᠲᠦᠪᠰᠢᠨ᠂ | ᠠᠮᠢᠳᠤ ᠪᠣᠳᠠᠰ ᠤᠨ ᠠᠮᠤᠷ ᠲᠦᠪᠰᠢᠨ᠂ ᠭᠠᠳᠠᠷ ᠳᠠᠪᠬᠤᠷᠭ᠎ᠠ ᠶᠢᠨ ᠣᠷᠣᠨ ᠵᠠᠢ ᠶᠢᠨ ᠠᠰᠢᠭᠯᠠᠯᠲᠠ ᠵᠡᠷᠭᠡ ᠪᠦᠭᠦ | ᠪᠥᠮᠪᠥᠷᠴᠡᠭ ᠤᠨ ᠠᠰᠠᠭᠤᠳᠠᠯ ᠤᠨ ᠲᠣᠭᠤᠷᠢᠨ ᠳᠤ᠂ ᠳᠤᠮᠳᠠᠳᠤ ᠭᠠᠳᠠᠭᠠᠳᠤ ᠶᠢᠨ ᠬᠠᠮᠲᠤᠷᠠᠭᠰᠠᠨ ᠰᠢᠨᠵᠢᠯᠡᠬᠦ ᠤᠬᠠᠭᠠᠨ ᠤ | ᠰᠤᠳᠤᠯᠭᠠᠨ ᠢ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠢ᠃ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠣᠯᠴᠠᠵᠤ᠂ ᠤᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ ᠪᠤᠶᠤ ᠲᠡᠭᠦᠨ ᠢ ᠡᠭᠦᠰᠬᠡᠨ ᠪᠠᠶᠢᠭᠤᠯᠵᠤ᠂ | ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠤᠯᠠᠨ ᠤᠯᠤᠰ ᠯᠤᠭ᠎ᠠ ᠵᠣᠯᠭᠠᠯᠴᠠᠭ᠎ᠠ ᠬᠢᠬᠦ ᠶᠢ | ᠳᠡᠮᠵᠢᠭᠦ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠨᠡᠭᠡᠭᠡᠯᠲᠡ᠂ | ᠢᠲᠡᠭᠡᠯᠴᠡᠭᠡ᠂ ᠬᠠᠮᠲᠤᠷᠠᠯᠴᠠᠭ᠎ᠠ ᠶᠢ ᠴᠢᠷᠮᠠᠶᠢᠨ ᠨᠡᠮᠡᠭᠳᠡᠭᠦᠯᠵᠦ᠂ ᠨᠡᠩ ᠤᠯᠠᠨ ᠴᠢᠬᠤᠯᠠ ᠶᠡᠭᠡ ᠤᠤᠭᠠᠯ ᠡᠭᠦᠳᠦᠯᠲᠡ ᠪᠠ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠪᠠᠷ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ | ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢᠨ ᠬᠠᠮᠲᠤ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠠᠮᠤᠷ ᠲᠦᠪᠰᠢᠨ ᠤ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠬᠡᠳᠦᠨ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ | ᠦᠷᠭᠦᠯᠵᠢᠯᠡᠨ ᠲᠡᠮᠡᠴᠡᠵᠦ ᠪᠠᠶᠢᠭᠠᠳ ᠴᠣᠭᠴᠠᠯᠠᠭᠰᠠᠨ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ᠂ | ᠪᠠᠷᠠᠭᠤᠨᠰᠢ ᠨᠡᠭᠦᠭᠰᠡᠨ ᠵᠣᠷᠢᠭ ᠰᠠᠨᠠᠭ᠎ᠠ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ᠂ ᠰᠢᠨᠵᠢᠯᠡᠬᠦ | ᠤᠬᠠᠭᠠᠨᠲᠠᠨ ᠤ ᠵᠣᠷᠢᠭ ᠰᠠᠨᠠᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ | ᠳᠣᠬᠢᠭᠤᠷ ᠲᠤᠯᠤᠭᠠᠨ ᠤᠳᠤᠨ ᠤ ᠵᠣᠷᠢᠭ ᠰᠠᠨᠠᠭ᠎ᠠ ᠵᠡᠷᠭᠡ ᠨᠢ ᠳᠤᠮᠳᠠᠳᠤ ᠤᠯᠤᠰ ᠤᠨ ᠣᠨᠴᠠᠯᠢᠭ ᠲᠠᠢ ᠰᠢᠨ᠎ᠡ ᠶᠢ ᠡᠭᠦᠳᠭᠦ | ᠠᠮᠢ ᠠᠬᠤᠢ ᠶᠢ ᠬᠠᠮᠲᠤ ᠪᠠᠷ ᠴᠣᠭᠴᠠᠯᠠᠵᠤ᠂ ᠰᠠᠭᠤᠷᠢ ᠰᠤᠳᠤᠯᠭᠠᠨ ᠤ ᠬᠥᠭᠵᠢᠯᠲᠡ ᠶᠢ ᠲᠤᠯᠭᠠᠭᠤᠷᠢᠯᠠᠬᠤ ᠳᠤᠨᠳᠠᠷᠠᠰᠢ | ᠦᠭᠡᠢ ᠬᠥᠳᠡᠯᠭᠡᠬᠦ ᠬᠦᠴᠦᠨ ᠪᠣᠯᠵᠠᠢ᠃ ᠨᠡᠶᠢᠭᠡᠮ ᠳᠠᠶᠠᠭᠠᠷ ᠲᠤ ᠦᠨᠡᠨ ᠶᠣᠰᠣ ᠶᠢ ᠬᠥᠭᠡᠭᠡᠴᠡᠯᠳᠦᠬᠦ᠂ ᠨᠣᠶᠠᠨ ᠤᠷᠭᠢᠯ ᠳᠤ | ᠵᠣᠷᠢᠭᠲᠠᠢ ᠪᠠᠷ ᠠᠪᠠᠷᠢᠬᠤ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠭᠤᠷᠢ ᠰᠤᠳᠤᠯᠭᠠᠨ | ᠵᠡᠷᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠨ ᠳᠤ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ | ᠵᠢᠱᠢᠶ᠎ᠡ ᠪᠠ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠠᠬᠠᠮᠠᠳ ᠨᠢᠭᠡ ᠦᠶ᠎ᠡ ᠶᠢᠨ ᠰᠢᠨᠵᠢᠯᠡᠬᠦ | ᠤᠬᠠᠭᠠᠨᠲᠠᠨ ᠤ ᠤᠯᠤᠰ ᠣᠷᠣᠨ ᠤ ᠪᠠᠨ ᠲᠥᠯᠥᠭᠡ ᠵᠢᠳᠭᠦᠭᠦ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ | ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ ᠥᠭᠦᠯᠡᠯ ᠢᠶᠠᠨ ᠡᠬᠡ ᠤᠯᠤᠰ ᠤᠨ ᠡᠬᠡ ᠭᠠᠵᠠᠷ ᠳᠡᠭᠡᠷ᠎ᠡ | ᠪᠢᠴᠢᠭᠦ ᠪᠤᠯᠭᠠᠬᠤ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ ᠤ | ᠮᠡᠳᠡᠯᠭᠡ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠮᠵᠢᠯᠲᠠ ᠪᠦᠲᠦᠮᠵᠢ ᠶᠢ ᠢᠯᠡᠷᠡᠭᠦᠯᠵᠦ᠂ | ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠳᠡᠭᠡᠳᠦᠯᠡᠬᠦ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠬᠤ | ᠬᠡᠷᠡᠭᠲᠡᠢ᠃ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠳᠤᠮᠳᠠ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠨᠡᠮᠡᠯᠲᠡ ᠶᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ᠂ ᠲᠥᠰᠥᠭᠡᠯᠡᠨ | ᠪᠤᠳᠤᠬᠤ ᠴᠢᠳᠠᠪᠤᠷᠢ᠂ ᠬᠠᠶᠢᠨ ᠰᠦᠪᠡᠭᠴᠢᠯᠡᠬᠦ ᠬᠦᠰᠡᠯ ᠢ ᠬᠥᠭᠵᠢᠭᠡᠵᠦ᠂ ᠰᠢᠨᠵᠢᠯᠡᠬᠦ ᠤᠬᠠᠭᠠᠨᠲᠠᠨ ᠤ ᠲᠠᠯᠲᠠ ᠴᠢᠨᠠᠷ ᠢ | ᠪᠦᠷᠢᠯᠳᠦᠭᠦᠯᠦᠭᠰᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠰ ᠲᠤ ᠪᠡᠶ᠎ᠡ ᠪᠠᠨ ᠵᠣᠷᠢᠭᠤᠯᠬᠤ ᠳᠤᠷᠠᠲᠠᠢ | ᠵᠠᠯᠠᠭᠤᠴᠤᠳ ᠪᠠᠭᠠᠴᠤᠳ ᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠰᠡᠭᠦᠯ ᠳᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠮᠡᠳᠡᠯᠭᠡ ᠶᠢ ᠰᠤᠷᠤᠯᠴᠠᠵᠤ᠂ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠳ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠥᠭᠴᠦ᠂ ᠬᠦᠯᠢᠶᠡᠰᠦ ᠶᠢ ᠨᠢ ᠠᠯᠳᠠᠷᠠᠭᠠᠨ ᠳᠠᠷᠤᠭᠠᠰᠤ ᠶᠢ ᠨᠢ ᠬᠥᠩᠭᠡᠷᠡᠭᠦᠯᠵᠦ᠂ ᠡᠷᠴᠢ ᠵᠣᠷᠢᠭ ᠢ ᠨᠢ | ᠬᠥᠪᠴᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠤᠬᠠᠢ ᠨᠠᠮ ᠤᠨ ᠲᠥᠪ ᠬᠤᠷᠢᠶ᠎ᠠ ᠶᠢᠨ | ᠠᠯᠢ ᠤᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | |