ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/23
    ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ    ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ    ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 22᠎ ᠤᠨ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 22᠎ ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ︔ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠵᠠᠰᠠᠭ ᠤᠨ ᠣᠷᠳᠣᠨ ᠤ ᠡᠷᠬᠡ ᠠᠷᠠᠳ ᠲᠦᠮᠡᠨ ᠠᠴᠠ ᠢᠷᠡᠯᠲᠡ ᠲᠠᠢ᠂ ᠵᠠᠰᠠᠭ ᠶᠠᠪᠤᠭᠤᠯᠬᠤ ᠳᠤ ᠪᠠᠨ ᠡᠷᠬᠡᠪᠰᠢ ᠠᠷᠠᠳ ᠲᠦᠮᠡᠨ ᠤ ᠬᠦᠰᠡᠯ ᠨᠠᠶᠢᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢᠶᠠᠨ ᠬᠠᠯᠠᠨ ᠰᠠᠶᠢᠵᠢᠷᠠᠭᠤᠯᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠳᠠᠭ᠃ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ  ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8721 ᠬᠤᠪᠢ᠂ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠳᠡ 5865 ᠬᠤᠪᠢ ᠰᠢᠢᠳᠪᠦᠷᠢᠯᠡᠪᠡ᠃ ᠡᠨᠡ  ᠨᠢ ᠲᠤᠰ ᠲᠤᠰ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢᠨ ᠪᠦᠬᠦ ᠲᠣᠭᠠᠨ ᠤ 94.8%᠂ 95%᠎ ᠶᠢ ᠡᠵᠡᠯᠡᠪᠡ᠃ ᠥᠩᠭᠡᠷᠡᠭᠰᠡᠨ 5 ᠵᠢᠯ ᠳᠤ᠂ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠡᠶᠢᠳᠡ 1.8 ᠲᠦᠮᠡ ᠭᠠᠷᠤᠢ ᠵᠤᠷᠪᠤᠰ ᠭᠥᠯᠢᠶᠡᠨ ᠠᠪᠴᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 7800 ᠭᠠᠷᠤᠢ ᠵᠤᠷᠪᠤᠰ ᠨᠡᠶᠢᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠪᠠ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ ᠂ ᠬᠦᠰᠡᠵᠦ ᠪᠠᠶᠢᠭ᠎ᠠ ᠳᠤ ᠬᠤᠯᠪᠣᠭᠳᠠᠭᠰᠠᠨ ᠮᠠᠰᠢ ᠤᠯᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠣᠨ ᠤ ᠭᠤᠣᠯᠳᠠᠯᠭ᠎ᠠ ᠲᠠᠢ ᠡᠭᠦᠷᠭᠡ ᠪᠠᠨ ᠪᠣᠯᠭᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ ᠰᠢᠨᠡᠴᠢᠯᠡᠵᠦ᠂ ᠱᠠᠲᠤ ᠬᠤᠪᠢᠶᠠᠨ ᠬᠠᠷᠢᠭᠤᠴᠠᠬᠤ᠂ ᠡᠬᠡ ᠲᠠᠩᠰᠠ ᠶᠢ ᠬᠠᠮᠢᠶᠠᠷᠬᠤ᠂ ᠮᠥᠷᠳᠡᠨ ᠰᠢᠮᠳᠠᠭᠤᠯᠵᠤ ᠰᠢᠢᠳᠪᠦᠷᠢᠯᠡᠬᠦ᠂ ᠨᠢᠭᠡᠳ ᠨᠢᠭᠡ ᠪᠠᠷ ᠬᠠᠷᠢᠭᠤᠯᠲᠠ ᠥᠭᠬᠦ ᠵᠡᠷᠭᠡ ᠲᠣᠭᠲᠠᠴᠠ ᠶᠢ ᠨᠡᠶᠢᠳᠡᠮ ᠪᠠᠶᠢᠭᠤᠯᠵᠤ᠂ ᠨᠡᠯᠢᠶᠡᠳ ᠲᠡᠭᠦᠯᠳᠡᠷᠵᠢᠭᠰᠡᠨ ᠵᠢᠷᠤᠮᠵᠢᠭᠰᠠᠨ ᠳᠦᠷᠢᠮ ᠢ ᠪᠦᠷᠢᠯᠳᠦᠭᠦᠯᠪᠡ︔ ᠲᠥᠯᠥᠭᠡᠯᠡᠭᠴᠢᠳ ᠪᠠ ᠭᠡᠰᠢᠭᠦᠳ ᠯᠦᠭᠡ ᠶᠢᠨ ᠣᠶᠢᠯᠠᠭᠠᠯᠴᠠᠭ᠎ᠠ ᠪᠠᠨ ᠨᠢᠭᠲᠠᠷᠠᠭᠤᠯᠵᠤ᠂ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠶᠠᠪᠤᠴᠠ ᠳᠤ᠂ ᠰᠢᠢᠳᠪᠦᠷᠢᠯᠡᠵᠦ ᠳᠠᠭᠤᠰᠤᠭᠰᠠᠨ ᠤ ᠳᠠᠷᠠᠭᠠᠬᠢ ᠵᠣᠯᠭᠠᠭᠤᠯᠵᠤ ᠬᠠᠷᠢᠯᠴᠠᠬᠤ ᠪᠠᠨ ᠴᠢᠩᠭᠠᠳᠬᠠᠵᠤ᠂ ︽ᠪᠢᠴᠢᠭ ᠬᠠᠷ᠎ᠠ ᠪᠠᠷ ᠶᠠᠪᠤᠯᠴᠠᠬᠤ︾᠎ ᠠᠴᠠ ︽ᠬᠥᠮᠥᠰ ᠬᠤᠭᠤᠷᠣᠨᠳᠤ ᠪᠠᠨ ᠶᠠᠪᠤᠯᠴᠠᠬᠤ︾ ᠲᠡᠶᠢᠰᠢ ᠬᠤᠪᠢᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠭᠦᠨ ᠲᠠᠰ ᠳᠠᠪᠬᠤᠷᠭ᠎ᠠ ᠶᠢᠨ ᠬᠡᠮ ᠰᠣᠭᠤᠭ ᠢ ᠰᠤᠳᠤᠯᠤᠨ ᠰᠢᠢᠳᠪᠦᠷᠢᠯᠡᠵᠦ᠂ ᠦᠷ᠎ᠡ ᠪᠦᠲᠦᠭᠡᠯ ᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠶᠢ ᠠᠬᠢᠭᠤᠯᠵᠤ᠂ ᠨᠢᠭᠡ ᠪᠠᠷ ᠣᠯᠠᠨ ᠢ ᠳᠠᠶᠢᠴᠢᠯᠠᠨ ᠠᠵᠢᠯ ᠢᠶᠠᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠥᠩᠭᠡᠷᠡᠭᠰᠡᠨ ᠤ ᠪᠣᠳᠠᠲᠠᠢ ᠠᠷᠭ᠎ᠠ ᠬᠢᠳᠡᠯ ᠢᠶᠠᠨ ᠳ᠋ᠦᠩᠨᠡᠵᠦ᠂ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠤᠯᠴᠠᠬᠤ ᠪᠤᠶᠤ ᠬᠤᠷᠠᠯ ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠠᠷᠭ᠎ᠠ ᠵᠠᠮ ᠢᠶᠠᠷ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠪᠣᠯᠣᠨ ᠭᠡᠰᠢᠭᠦᠳ ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠶᠢ ᠰᠤᠯᠠ ᠰᠣᠨᠣᠰᠤᠭᠤᠯᠵᠤ᠂ ᠰᠢᠢᠳᠪᠦᠷᠢᠯᠡᠬᠦ ᠴᠢᠬᠤᠯᠠᠲᠠᠢ ᠪᠠᠶᠢᠪᠠᠯ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠤᠳᠤᠯᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠶᠢ ᠢᠯᠡᠳᠬᠡᠯ ᠪᠠ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠢᠳᠤᠨᠤᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠵᠤ᠂ ᠶᠡᠭᠡ ᠬᠡᠪᠴᠢᠶᠡᠨ ᠤ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠪᠠ ᠭᠠᠶᠢᠯᠢ ᠰᠦᠢᠳᠬᠡᠯ ᠢ ᠬᠤᠶᠢᠰᠢᠯᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ ᠬᠠᠷᠠᠭᠠᠯᠵᠠᠯ ᠲᠠᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠡᠳᠬᠦᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠪᠣᠳᠣᠯᠬᠢᠯᠠᠵᠤ᠂ ᠦᠷ᠎ᠡ ᠪᠦᠲᠦᠮᠵᠢ ᠰᠠᠶᠢᠲᠠᠢ ᠠᠵᠢᠯ ᠪᠠ ᠲᠤᠰᠬᠠᠢ ᠵᠦᠢᠯ ᠤᠨ ᠴᠡᠭᠴᠡᠯᠡᠯᠲᠡ ᠪᠠᠷ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠡᠭᠦᠨ ᠳᠤ 14 ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠰᠦᠢᠳᠬᠡᠯ ᠢ ᠬᠠᠰᠤᠵᠤ ᠬᠡᠯᠲᠦᠷᠢᠭᠦᠯᠬᠦ᠂ ᠭᠠᠷᠠᠮ ᠤᠨ ᠬᠤᠷᠢᠶᠠᠬᠤ ᠰᠦᠢᠳᠬᠡᠯ ᠢ ᠬᠠᠰᠤᠵᠤ ᠨᠡᠶᠢᠯᠡᠭᠦᠯᠬᠦ᠂ ᠤᠰᠤ ᠴᠠᠬᠢᠯᠭᠠᠨ ᠬᠡᠢ ᠬᠡᠷᠡᠭᠯᠡᠬᠦ ᠰᠦᠢᠳᠬᠡᠯ ᠤᠨ ᠨᠥᠬᠦᠪᠦᠷᠢ ᠣᠯᠭᠤᠬᠤ ᠵᠡᠷᠭᠡ ᠶᠢ ᠪᠠᠭᠲᠠᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠬᠡᠯ ᠪᠤᠳᠤᠬᠤ ᠦᠢᠯᠡᠴᠢᠯᠡᠭᠡᠨ ᠤ ᠦᠨ᠎ᠡ ᠶᠢ ᠪᠠᠭᠤᠷᠠᠭᠤᠯᠬᠤ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠲᠠ ᠶᠢ ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ ᠳᠤ ᠬᠤᠯᠪᠣᠭᠳᠠᠭᠰᠠᠨ ᠵᠣᠭᠤᠰ ᠤᠨ ᠲᠤᠭ᠎ᠠ 2100 ᠳ᠋ᠦᠩᠰᠢᠭᠤᠷ ᠲᠥᠭᠦᠷᠢᠭ ᠢ ᠳᠠᠪᠠᠪᠠ︔ ᠡᠭᠦᠨ ᠤ ᠵᠡᠷᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠭᠰᠠᠨ ᠢ ᠴᠢᠩᠭ᠎ᠠ ᠴᠡᠭᠴᠡᠯᠡᠨ ᠵᠠᠰᠠᠵᠤ ᠂ ᠪᠦᠬᠦ ᠤᠯᠤᠰ ᠲᠤ ᠬᠤᠯᠪᠣᠭᠳᠠᠯ ᠪᠦᠬᠦᠢ ᠠᠰᠠᠭᠤᠳᠠᠯ ᠢ ᠨᠡᠶᠢᠲᠡ 7700 ᠭᠠᠷᠤᠢ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠭᠰᠠᠨ ᠵᠣᠭᠤᠰ ᠤᠨ ᠲᠤᠭ᠎ᠠ 50 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠴᠡᠭᠴᠡᠯᠡᠨ ᠵᠠᠰᠠᠬᠤ ᠪᠠᠷ ᠱᠠᠭᠠᠷᠳᠠᠪᠠ ᠭᠡᠵᠡᠢ᠃ ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠨᠡᠮᠡᠭᠳᠡᠯ ᠶᠠᠭ ᠲᠣᠭᠲᠠᠭᠤᠨ ᠢᠶᠠᠷ ᠳᠡᠭᠡᠭᠰᠢᠯᠡᠵᠦ ᠪᠠᠶᠢᠭ᠎ᠠ ᠪᠣᠯᠪᠠᠴᠤ ᠮᠥᠨ ᠬᠦ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠮᠥᠨ ᠬᠦ ᠨᠡᠯᠢᠶᠡᠳ ᠬᠦᠴᠢᠷᠳᠡᠯᠲᠡᠢ ᠪᠠᠶᠢᠨ᠎ᠠ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ ᠵᠠᠰᠠᠬᠤ ᠶᠢ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ ᠨᠡᠶᠢᠲᠡᠯᠡᠭᠰᠡᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠵᠠᠯᠭᠠᠮᠵᠢ ᠠᠷᠭ᠎ᠠ ᠬᠡᠮᠵᠢᠶ᠎ᠡ ᠶᠢᠨ ᠳᠣᠲᠣᠷᠠᠬᠢ ᠵᠠᠷᠢᠮ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠤ ᠶᠢᠨ ᠪᠣᠳᠣᠯᠭ᠎ᠠ ᠨᠢ ᠮᠥᠨ ᠬᠦ ᠦᠢᠯᠡᠳᠦᠯ ᠢᠶᠠᠨ ᠪᠠᠳᠠᠷᠠᠭᠤᠯᠬᠤ ᠣᠷᠣᠨ ᠵᠠᠢ ᠲᠠᠢ ᠪᠣᠯᠬᠤᠷ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠵᠢᠱᠢᠯᠲᠡ ᠶᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠤᠨ ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠤᠰᠤᠳ ᠵᠦᠢᠯ ᠢ ᠰᠤᠳᠤᠯᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1